ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠡᠮᠡᠭᠲᠡᠢᠴᠦᠳ᠎ᠦᠨ ᠪᠥᠬᠥ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠠᠬᠢᠴᠠ᠎ᠶᠢ ᠲᠦᠷᠭᠡᠳᠬᠡᠶ᠎ᠡ
ᠨᠡᠶ᠋ᠢᠲᠡᠯᠡᠭᠰᠡᠨ ᠴᠠᠭ᠄ 2025-10-14

— ᠳᠡᠯᠡᠬᠡᠢ᠎ᠶᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ

                           (2025 ᠣᠨ᠎ᠤ 10 ᠰᠠᠷ᠎ᠠ᠎ᠶᠢᠨ 13 ᠎ᠤ᠋ ᠡᠳᠦᠷ᠂ ᠪᠡᠭᠡᠵᠢᠩ᠎ᠳᠦ)

                    ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ  ᠰᠢ ᠵᠢᠨ ᠫᠢᠩ

 

ᠬᠦᠨᠳᠦᠲᠦ ᠬᠠᠮᠲᠤ ᠠᠵᠢᠯᠯᠠᠭᠰᠠᠳ ᠡ᠂ ᠵᠣᠴᠢᠳ ᠡ᠂

ᠠᠪᠠᠬᠠᠢ ᠨᠠᠷ᠂ ᠠᠪᠤᠭᠠᠢ ᠨᠠᠷ᠂ ᠨᠠᠢᠵᠠ ᠨᠠᠷ ᠡ᠄

      5 ᠵᠢᠯ᠎ᠦᠨ ᠡᠮᠦᠨ᠎ᠡ᠂ ᠪᠢ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠢ ᠳᠠᠬᠢᠨᠲᠠ ᠬᠤᠷᠠᠯᠳᠤᠭᠤᠯᠬᠤ᠎ᠪᠠᠷ ᠳᠤᠷᠠᠳᠤᠯᠭ᠎ᠠ ᠭᠠᠷᠭᠠᠭᠰᠠᠨ ᠪᠢᠯᠡ᠃ ᠥᠨᠥᠳᠥᠷ ᠲᠠ ᠪᠦᠬᠦᠨ᠎ᠲᠠᠢ ᠪᠣᠯᠵᠣᠭ᠎ᠠ ᠶᠣᠰᠣᠭᠠᠷ ᠪᠡᠭᠡᠵᠢᠩ᠎ᠳᠦ ᠴᠤᠭᠯᠠᠷᠠᠵᠤ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠶᠡᠬᠡ ᠬᠤᠷᠠᠯ ᠬᠤᠷᠠᠯᠳᠤᠭᠰᠠᠨ 30 ᠵᠢᠯ᠎ᠦᠨ ᠤᠢ᠎ᠶᠢ ᠬᠠᠮᠲᠤ᠎ᠪᠠᠷ ᠳᠤᠷᠠᠰᠬᠠᠵᠤ᠂ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠶᠡᠬᠡ ᠪᠣᠳᠣᠯᠭ᠎ᠠ᠎ᠶᠢ ᠬᠠᠮᠲᠤ᠎ᠪᠠᠷ ᠰᠤᠳᠤᠯᠤᠨ ᠶᠠᠷᠢᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢᠨ᠎ᠠ᠃ ᠪᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠲᠦᠷᠦᠭᠦᠴᠦᠳ᠎ᠦᠨ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ ᠪᠠᠢᠨ᠎ᠠ!

      ᠡᠮᠡᠭᠲᠡᠢᠴᠦᠳ ᠪᠣᠯ ᠬᠥᠮᠥᠨ ᠲᠥᠷᠥᠯᠬᠢᠲᠡᠨ᠎ᠦ ᠪᠣᠯᠪᠠᠰᠤᠨ᠎ᠤ ᠴᠢᠬᠤᠯᠠ ᠡᠭᠦᠳᠦᠨ ᠪᠦᠲᠦᠭᠡᠭᠴᠢ᠂ ᠠᠬᠢᠭᠤᠯᠤᠭ᠍ᠴᠢ᠂ ᠤᠯᠠᠮᠵᠢᠯᠠᠭ᠍ᠴᠢ ᠮᠥᠨ᠂ ᠡᠮᠡᠭᠲᠡᠢᠴᠦᠳ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠪᠣᠯ ᠳᠡᠯᠡᠬᠡᠢ ᠨᠡᠢᠭᠡᠮ᠎ᠦᠨ ᠬᠠᠮᠲᠤ᠎ᠶᠢᠨ ᠬᠠᠷᠢᠭᠤᠴᠠᠯᠭ᠎ᠠ ᠮᠥᠨ᠃ 30 ᠵᠢᠯ᠎ᠦᠨ ᠡᠮᠦᠨ᠎ᠡ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠡᠴᠡ 《ᠡᠷᠬᠡ ᠲᠡᠭᠰᠢ᠂ ᠬᠥᠭᠵᠢᠯᠲᠡ ᠪᠣᠯᠣᠨ ᠡᠩᠬᠡ ᠲᠠᠢᠪᠤᠩ᠎ᠢ ᠦᠢᠯᠡ ᠠᠵᠢᠯᠯᠠᠭ᠎ᠠ᠎ᠪᠠᠷ᠎ᠢᠶᠠᠨ ᠡᠷᠢᠯᠬᠢᠯᠡᠬᠦ》 ᠡᠷᠬᠢᠮ ᠳᠡᠭᠡᠳᠦ ᠬᠠᠷᠠᠯᠲᠠ᠎ᠶᠢ ᠲᠣᠭᠲᠠᠭᠠᠵᠤ᠂ ᠪᠡᠯᠭᠡ ᠲᠡᠮᠳᠡᠭ᠎ᠦᠨ ᠠᠴᠢ ᠬᠣᠯᠪᠣᠭᠳᠠᠯ᠎ᠲᠠᠢ 《ᠪᠡᠭᠡᠵᠢᠩ᠎ᠦᠨ ᠲᠤᠩᠬᠠᠭ》 ᠪᠣᠯᠣᠨ 《ᠠᠵᠢᠯᠯᠠᠭᠠᠨ᠎ᠤ ᠬᠥᠲᠥᠯᠪᠦᠷᠢ》᠎ᠶᠢ ᠪᠠᠲᠤᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠴᠠᠭ ᠦᠶ᠎ᠡ᠎ᠶᠢᠨ ᠵᠥᠪᠯᠡᠬᠦ ᠵᠦᠢᠯ᠎ᠳᠦ ᠰᠡᠶ᠋ᠢᠯᠵᠦ᠂ ᠪᠦᠬᠦ ᠳᠡᠯᠡᠬᠡᠢ᠎ᠶᠢᠨ ᠬᠥᠮᠥᠰ᠎ᠦᠨ ᠦᠷᠭᠦᠯᠵᠢᠯᠡᠨ ᠲᠡᠮᠡᠴᠡᠬᠦ᠎ᠶᠢ ᠵᠣᠷᠢᠭ᠍ᠵᠢᠭᠤᠯᠤᠭᠰᠠᠨ ᠪᠢᠯᠡ᠃

      30 ᠵᠢᠯ᠎ᠦᠨ ᠲᠤᠷᠰᠢ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠦᠢᠯᠡᠰ ᠥᠷᠨᠢᠨ ᠬᠥᠭᠵᠢᠵᠦ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠳᠤ ᠦᠵᠡᠰᠬᠦᠯᠡᠩᠲᠦ ᠰᠠᠢᠬᠠᠨ ᠥᠩᠭᠡ ᠪᠤᠳᠤᠭ ᠨᠡᠮᠡᠷᠢᠯᠡᠪᠡ᠃ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠬᠥᠭᠡᠭᠡᠴᠡᠯᠳᠦᠬᠦ ᠨᠢ ᠨᠢᠭᠡᠨᠲᠡ ᠳᠡᠯᠡᠬᠡᠢ ᠨᠡᠶ᠋ᠢᠲᠡ᠎ᠶᠢᠨ ᠬᠠᠮᠲᠤ᠎ᠶᠢᠨ ᠲᠠᠨᠢᠯᠲᠠ ᠪᠣᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠯ᠎ᠡ ᠵᠦᠢᠯ᠎ᠦᠨ ᠬᠥᠭᠵᠢᠯᠲᠡ᠎ᠶᠢᠨ ᠵᠥᠪᠯᠡᠬᠦ ᠵᠦᠢᠯ ᠪᠠ ᠭᠣᠣᠯᠳᠠᠯᠭ᠎ᠠ᠎ᠲᠠᠢ ᠬᠦᠷᠢᠶᠡᠨ᠎ᠦ ᠬᠥᠭᠵᠢᠯᠲᠡ᠎ᠶᠢᠨ ᠬᠠᠷᠠᠯᠲᠠ᠎ᠳᠤ ᠣᠷᠣᠵᠤ᠂ 189 ᠤᠯᠤᠰ 《ᠠᠯᠢᠪᠠ ᠬᠡᠯᠪᠡᠷᠢ᠎ᠶᠢᠨ ᠡᠮᠡᠭᠲᠡᠢᠴᠦᠳ᠎ᠢ ᠭᠠᠳᠠᠭᠤᠷᠴᠢᠯᠠᠬᠤ ᠠᠵᠢᠯᠯᠠᠭ᠎ᠠ᠎ᠶᠢ ᠠᠷᠢᠯᠭᠠᠬᠤ ᠨᠡᠶ᠋ᠢᠲᠡ᠎ᠶᠢᠨ ᠭᠡᠷ᠎ᠡ》᠎ᠶᠢ ᠵᠥᠪᠰᠢᠶᠡᠷᠡᠪᠡ᠃ ᠡᠮᠡᠭᠲᠡᠢᠴᠦᠳ᠎ᠦᠨ ᠣᠷᠣᠰᠢᠨ ᠲᠣᠭᠲᠠᠨᠢᠬᠤ ᠪᠠ ᠬᠥᠭᠵᠢᠬᠦ ᠣᠷᠴᠢᠨ ᠨᠥᠬᠥᠴᠡᠯ ᠦᠷᠭᠦᠯᠵᠢᠯᠡᠨ ᠰᠢᠯᠢᠳᠡᠭᠵᠢᠵᠦ᠂ 190 ᠭᠠᠷᠤᠢ ᠤᠯᠤᠰ ᠡᠮᠡᠭᠲᠡᠢᠴᠦᠳ᠎ᠦᠨ ᠡᠷᠬᠡ ᠠᠰᠢᠭ᠋᠎ᠢ ᠪᠠᠲᠤᠯᠠᠬᠤ 1600 ᠰᠢᠬᠠᠮ ᠬᠠᠤᠯᠢ ᠴᠠᠭᠠᠵᠠ᠎ᠶᠢ ᠪᠠᠲᠤᠯᠠᠵᠤ᠂ ᠤᠯᠠᠮ᠎ᠡᠴᠡ ᠤᠯᠠᠨ ᠤᠯᠤᠰ ᠡᠮᠡᠭᠲᠡᠢᠴᠦᠳ᠎ᠦᠨ ᠠᠵᠠ ᠵᠢᠷᠭᠠᠯ᠎ᠢ ᠳᠡᠭᠡᠭᠰᠢᠯᠡᠭᠦᠯᠬᠦ ᠤᠯᠤᠰ᠎ᠤᠨ ᠠᠵᠢᠯᠯᠠᠭᠠᠨ᠎ᠤ ᠲᠥᠯᠥᠪᠯᠡᠭᠡ᠎ᠶᠢ ᠲᠣᠭᠲᠠᠭᠠᠵᠤ ᠪᠠᠢᠨ᠎ᠠ᠃ ᠡᠮᠡᠭᠲᠡᠢᠴᠦᠳ᠎ᠲᠦ ᠡᠷᠬᠡ ᠣᠯᠭᠣᠬᠤ ᠠᠵᠢᠯ ᠢᠯᠡᠳᠲᠡ ᠳᠠᠪᠰᠢᠯᠲᠠ᠎ᠲᠠᠢ ᠪᠣᠯᠵᠤ᠂ ᠡᠮᠡᠭᠲᠡᠢᠴᠦᠳ᠎ᠦᠨ ᠰᠤᠷᠭᠠᠨ ᠬᠥᠮᠦᠵᠢᠯ ᠬᠦᠷᠲᠡᠬᠦ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠢᠭᠡᠮ᠎ᠦᠨ ᠠᠮᠢᠳᠤᠷᠠᠯ᠎ᠤᠨ ᠳᠤᠮᠳᠠ ᠨᠡᠩ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ ᠪᠠᠢᠨ᠎ᠠ᠃ ᠦᠯᠡᠮᠵᠢ ᠣᠯᠠᠨ ᠭᠠᠷᠮᠠᠭᠠᠢ ᠡᠮᠡᠭᠲᠡᠢᠴᠦᠳ ᠣᠯᠠᠨ ᠤᠯᠤᠰ᠎ᠤᠨ ᠲᠠᠪᠴᠠᠩ᠎ᠳᠤ ᠭᠠᠷᠴᠤ᠂ ᠭᠣᠢᠳᠠ ᠰᠠᠢᠬᠠᠨ ᠬᠥᠮᠥᠨ᠎ᠦ ᠠᠮᠢᠳᠤᠷᠠᠯ᠎ᠢᠶᠠᠨ ᠳᠡᠯᠭᠡᠨ ᠦᠵᠡᠭᠦᠯᠵᠦ᠂ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠪᠡ᠃

      ᠠᠪᠠᠬᠠᠢ ᠨᠠᠷ᠂ ᠠᠪᠤᠭᠠᠢ ᠨᠠᠷ᠂ ᠨᠠᠢᠵᠠ ᠨᠠᠷ ᠡ!

      ᠪᠦᠬᠦ ᠪᠥᠮᠪᠥᠷᠴᠡᠭ᠎ᠦᠨ ᠡᠮᠡᠭᠲᠡᠢᠴᠦᠳ ᠬᠤᠪᠢ ᠵᠠᠶᠠᠭ᠎ᠠ ᠨᠢᠭᠡᠲᠡᠢ ᠶᠤᠮ᠃ ᠣᠳᠣᠬᠠᠨ᠎ᠳᠤ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠪᠡᠶᠡᠯᠡᠭᠦᠯᠬᠦ᠎ᠳᠦ ᠮᠥᠨ ᠬᠦ᠌ ᠨᠠᠷᠢᠨ ᠪᠤᠳᠤᠯᠢᠶᠠᠨᠲᠠᠢ ᠥᠷᠢᠰᠦᠯᠳᠦᠭᠡᠨ ᠲᠤᠯᠭᠠᠷᠠᠵᠤ ᠪᠠᠢᠨ᠎ᠠ᠃ ᠪᠦᠷᠢᠳᠬᠡᠯ᠎ᠢ ᠦᠨᠳᠦᠰᠦᠯᠡᠪᠡᠯ᠂ ᠪᠥᠬᠥ ᠳᠡᠯᠡᠬᠡᠢ᠎ᠳᠦ ᠪᠠᠰᠠ 6 ᠳ᠋ᠦᠩᠰᠢᠭᠤᠷ ᠭᠠᠷᠤᠢ ᠡᠮᠡᠭᠲᠡᠢᠴᠦᠳ ᠪᠠ ᠦᠬᠢᠳ ᠲᠡᠶ᠋ᠢᠨ᠎ᠦ ᠰᠠᠮᠠᠭᠤᠷᠠᠯ᠎ᠳᠤ ᠤᠴᠠᠷᠠᠵᠤ᠂ ᠪᠠᠷᠤᠭ 10% ᠎ᠶᠢᠨ ᠡᠮᠡᠭᠲᠡᠢᠴᠦᠳ ᠪᠠ ᠦᠬᠢᠳ ᠲᠤᠢᠯ᠎ᠤᠨ ᠶᠠᠳᠠᠭᠤ ᠬᠦᠴᠢᠷᠳᠡᠯᠲᠡᠢ ᠠᠮᠢᠳᠤᠷᠠᠵᠤ ᠪᠠᠢᠨ᠎ᠠ᠃ ᠡᠭᠦᠨ᠎ᠦ ᠬᠠᠮᠲᠤ᠂ ᠬᠦᠴᠦᠷᠬᠡᠭᠯᠡᠯ ᠪᠠ ᠭᠠᠳᠠᠭᠤᠷᠴᠢᠯᠠᠯ᠎ᠤᠨ ᠠᠷᠬᠠᠭ ᠭᠡᠮ᠎ᠢ ᠠᠷᠢᠯᠭᠠᠬᠤ᠎ᠳᠤ ᠪᠡᠷᠬᠡ ᠪᠠᠢᠵᠤ᠂ ᠬᠦᠢᠰᠦ᠎ᠶᠢᠨ ᠢᠯᠭᠠᠯ᠎ᠤᠨ ᠲᠣᠭᠠᠴᠢᠯᠠᠯᠲᠠ᠎ᠵᠢᠨ ᠵᠠᠭᠠᠭ ᠶᠡᠬᠡᠰᠴᠦ᠂ ᠡᠷᠡᠭᠲᠡᠢ ᠡᠮᠡᠭᠲᠡᠢ ᠡᠷᠬᠡ ᠲᠡᠭᠰᠢ ᠪᠠᠢᠬᠤ ᠶᠠᠪᠤᠳᠠᠯ ᠨᠢ ᠡᠭᠦᠷᠭᠡ ᠬᠦᠨᠳᠦ ᠵᠠᠮ ᠬᠣᠯᠠ ᠪᠠᠢᠨ᠎ᠠ᠃ ᠢᠷᠡᠭᠡᠳᠦᠢ᠎ᠳ᠋ᠤ᠂ ᠪᠢᠳᠠ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠤᠭ ᠰᠠᠨᠠᠭ᠎ᠠ᠎ᠶᠢ ᠲᠠᠬᠢᠨ ᠡᠷᠭᠢᠴᠡᠭᠦᠯᠵᠦ᠂ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠠᠬᠢᠴᠠ᠎ᠶᠢ ᠲᠦᠷᠭᠡᠳᠬᠡᠬᠦ᠎ᠳᠦ ᠨᠡᠩ ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠨᠡᠩ ᠥᠷᠭᠡᠨ ᠠᠭᠤᠳᠠᠮ ᠵᠠᠮ᠎ᠢ ᠨᠡᠭᠡᠭᠡᠵᠦ᠂ ᠨᠡᠩ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ ᠠᠪᠤᠶ᠎ᠠ᠃ ᠡᠨᠳᠡ ᠪᠢ 4 ᠲᠠᠯ᠎ᠠ᠎ᠶᠢᠨ ᠰᠠᠨᠠᠭᠤᠯᠭ᠎ᠠ ᠳᠤᠷᠠᠳᠤᠶ᠎ᠠ᠃

      ᠨᠢᠭᠡᠳᠦᠭᠡᠷ᠎ᠲᠦ᠂ ᠡᠮᠡᠭᠲᠡᠢᠴᠦᠳ᠎ᠦᠨ ᠦᠰᠦᠨ ᠪᠣᠢᠵᠢᠵᠤ ᠬᠥᠭᠵᠢᠬᠦ᠎ᠳᠦ ᠠᠰᠢᠭ᠍ᠲᠠᠢ ᠰᠠᠢᠨ ᠰᠠᠢᠬᠠᠨ ᠣᠷᠴᠢᠨ ᠨᠥᠬᠥᠴᠡᠯ᠎ᠢ ᠬᠠᠮᠲᠤ᠎ᠪᠠᠷ ᠪᠤᠢ ᠪᠣᠯᠭᠠᠶ᠎ᠠ᠃ ᠡᠩᠬᠡ ᠲᠠᠢᠪᠤᠩ ᠠᠮᠤᠷ ᠠᠮᠤᠭᠤᠯᠠᠩ ᠪᠣᠯ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠪᠡᠶᠡᠯᠡᠭᠦᠯᠬᠦ᠎ᠶᠢᠨ ᠤᠷᠢᠲᠠᠯ ᠮᠥᠨ᠃ ᠪᠢᠳᠡ ᠬᠠᠮᠲᠤ᠎ᠶᠢᠨ᠂ ᠶᠡᠷᠦᠩᠬᠡᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ᠎ᠦ ᠦᠵᠡᠯᠲᠡ᠎ᠶᠢ ᠪᠠᠷᠢᠮᠲᠠᠯᠠᠵᠤ᠂ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠵᠤ᠂ ᠥᠷᠭᠡᠨ ᠤᠯᠠᠨ ᠡᠮᠡᠭᠲᠡᠢᠴᠦᠳ᠎ᠲᠦ ᠵᠣᠯ ᠵᠢᠷᠭᠠᠯ ᠠᠮᠤᠷ ᠠᠮᠤᠭᠤᠯᠠᠩ᠎ᠤᠨ ᠨᠡᠷᠡᠨ᠎ᠦ ᠭᠡᠷᠡᠯ᠎ᠢ ᠬᠦᠷᠳᠡᠭᠡᠵᠦ᠂ ᠳᠠᠢ᠍ᠢᠨ᠎ᠦ ᠣᠷᠣᠭ᠎ᠠ ᠪᠤᠰᠬᠠᠭ᠎ᠠ ᠡᠷᠢᠶᠡᠨ ᠪᠠᠷᠠᠭᠠᠨ᠎ᠡᠴᠡ ᠬᠤᠯᠠ ᠵᠠᠢᠳᠠᠭᠤᠯᠤᠶ᠎ᠠ᠃ ᠲᠠᠢ᠍ᠢᠨ ᠳᠠᠵᠢᠨ᠎ᠤ ᠮᠥᠷᠭᠥᠯᠳᠦᠭᠡᠨ᠂ ᠶᠠᠳᠠᠭᠤ ᠬᠦᠴᠢᠷᠳᠡᠯ᠎ᠲᠠᠢ ᠭᠠᠮᠰᠢᠭ᠍ᠳᠠᠭᠰᠠᠨ ᠭᠠᠵᠠᠷ ᠣᠷᠣᠨ᠎ᠤ ᠡᠮᠡᠭᠲᠡᠢᠴᠦᠳ ᠪᠠ ᠥᠬᠢᠳ᠎ᠢ ᠬᠠᠮᠠᠭᠠᠯᠠᠬᠤ ᠠᠵᠢᠯ᠎ᠢ ᠴᠢᠩᠭᠠᠳᠬᠠᠵᠤ᠂ ᠡᠮᠡᠭᠲᠡᠢᠴᠦᠳ᠎ᠦᠨ ᠮᠥᠷᠭᠥᠯᠳᠦᠭᠡᠨ᠎ᠢ ᠰᠡᠷᠭᠡᠢᠯᠡᠬᠦ ᠪᠠ ᠭᠡᠷ ᠣᠷᠣᠨ᠎ᠢᠶᠠᠨ ᠲᠠᠬᠢᠨ ᠪᠦᠲᠦᠭᠡᠨ ᠪᠠᠶ᠋ᠢᠭᠤᠯᠬᠤ ᠳᠤᠮᠳᠠ ᠴᠢᠬᠤᠯᠠ ᠦᠢᠯᠡᠳᠦᠯ᠎ᠢᠶᠡᠨ ᠪᠠᠳᠠᠷᠠᠭᠤᠯᠬᠤ᠎ᠶᠢ ᠲᠡᠮᠵᠢᠶ᠎ᠡ᠃ ᠬᠦᠴᠦᠷᠬᠡᠭᠯᠡᠯ᠎ᠢ ᠡᠰᠡᠷᠭᠦᠴᠡᠬᠦ ᠲᠣᠭᠲᠡᠴᠡ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠡᠭᠲᠡᠢᠴᠦᠳ᠎ᠲᠦ ᠴᠢᠭᠯᠡᠭᠦᠯᠦᠭᠰᠡᠨ ᠠᠯᠢᠪᠠ ᠬᠡᠯᠪᠡᠷᠢ᠎ᠶᠢᠨ ᠬᠦᠴᠦᠷᠬᠡᠭᠯᠡᠯ᠎ᠦᠨ ᠠᠵᠢᠯᠯᠠᠭ᠎ᠠ᠎ᠳᠤ ᠡᠷᠡᠰ ᠴᠣᠬᠢᠯᠲᠠ ᠥᠭᠭᠦᠶ᠎ᠡ᠃

      ᠬᠣᠶᠠᠳᠤᠭᠠᠷ᠎ᠲᠤ᠂ ᠡᠮᠡᠭᠲᠡᠢᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠴᠢᠳᠠᠪᠤᠷᠢ᠎ᠶᠢ ᠬᠠᠮᠲᠤ᠎ᠪᠠᠷ ᠪᠣᠢᠵᠢᠭᠤᠯᠤᠶ᠎ᠠ᠃ ᠳᠡᠯᠡᠬᠡᠢ᠎ᠶᠢᠨ ᠣᠳᠣᠬᠢᠴᠢᠯᠠᠯᠲᠠ᠎ᠳ᠋ᠤ ᠥᠷᠭᠡᠨ ᠤᠯᠠᠨ ᠡᠮᠡᠭᠲᠡᠢᠴᠦᠳ᠎ᠢ ᠣᠷᠣᠯᠴᠠᠭᠤᠯᠵᠤ ᠦᠷ᠎ᠠ ᠪᠦᠳᠦᠭᠡᠯ᠎ᠢ ᠨᠢ ᠲᠠᠳᠠᠨ ᠲᠠᠢ ᠬᠤᠪᠢᠶᠠᠯᠴᠠᠪᠠᠯ ᠵᠣᠬᠢᠨ᠎ᠠ᠃ ᠪᠢᠳᠡ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠪᠦᠬᠦ ᠡᠮᠡᠭᠲᠡᠢᠴᠦᠳ᠎ᠲᠦ ᠠᠵᠤ ᠠᠬᠤᠢ᠎ᠶᠢᠨ ᠳᠡᠯᠡᠬᠡᠢᠵᠢᠯᠲᠡ᠎ᠶᠢᠨ ᠦᠷ᠎ᠡ ᠪᠦᠲᠦᠭᠡᠯ᠎ᠢ ᠡᠳ᠋ᠯᠡᠭᠦᠯᠵᠦ᠂ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢ ᠬᠦᠴᠦᠲᠡᠢ ᠠᠬᠢᠭᠤᠯᠤᠶ᠎ᠠ᠃ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠠᠵᠠ ᠲᠣᠬᠢᠶᠠᠯ᠎ᠢ ᠡᠵᠡᠮᠳᠡᠵᠦ᠂ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠡᠮᠡᠭᠲᠡᠢᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ᠂ ᠡᠮᠡᠭᠲᠡᠢᠴᠦᠳ᠎ᠦᠨ ᠪᠣᠬᠢᠷᠲᠤᠯ ᠦᠭᠡᠢ ᠬᠥᠭᠵᠢᠯᠲᠡ ᠳᠤᠮᠳᠠ ᠨᠡᠩ ᠶᠡᠬᠡ ᠦᠢᠯᠡᠳᠦᠯ ᠦᠵᠡᠭᠦᠯᠬᠦ᠎ᠶᠢ ᠳᠡᠮᠵᠢᠵᠦ᠂ ᠴᠢᠷᠮᠠᠢᠵᠤ ᠪᠠᠢᠭᠠᠳ ᠥᠷᠭᠡᠨ ᠤᠯᠠᠨ ᠡᠮᠡᠭᠲᠡᠢᠴᠦᠳ᠎ᠢ ᠳᠡᠯᠡᠬᠡᠢ᠎ᠶᠢᠨ ᠣᠳᠣᠬᠢᠴᠢᠯᠠᠯᠲᠠ᠎ᠶᠢᠨ ᠶᠡᠬᠡ ᠤᠷᠤᠰᠬᠠᠯ ᠳᠤᠮᠳᠠ ᠠᠮᠢᠳᠤᠷᠠᠬᠤᠢ᠎ᠶᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠪᠤᠯᠭᠠᠶ᠎ᠠ᠃

      ᠭᠤᠷᠪᠠᠳᠤᠭᠠᠷ᠎ᠲᠤ᠂ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠵᠠᠰᠠᠯᠲᠠ᠎ᠶ᠋ᠢᠨ ᠪᠠᠢᠷᠢᠱᠢᠯ᠎ᠢ ᠬᠠᠮᠲᠤ᠎ᠪᠠᠷ ᠪᠠᠢᠭᠤᠯᠤᠶ᠎ᠠ᠃ ᠪᠢᠳᠡ ᠳᠦᠷᠢᠮ ᠪᠣᠯᠤᠨ ᠬᠠᠤᠯᠢ ᠴᠠᠭᠠᠵᠠ᠎ᠶ᠋ᠢ ᠲᠡᠭᠦᠯᠳᠡᠷᠵᠢᠭᠦᠯᠵᠦ᠍᠂ ᠨᠡᠩ ᠤᠯᠠᠨ ᠨᠢᠳᠦᠨ᠎ᠳᠦ ᠦᠵᠡᠭᠳᠡᠵᠤ ᠭᠠᠷ᠎ᠲᠦ ᠪᠠᠷᠢᠭᠳᠠᠮ᠎ᠠ ᠳᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠨᠡᠩ ᠤᠯᠠᠨ ᠱᠢᠯᠢᠳᠡᠭ ᠡᠷᠡᠭᠦᠯ ᠡᠩᠬᠡ ᠪᠣᠯᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠪᠤᠢ ᠪᠦᠬᠦᠢ ᠡᠮᠡᠭ᠌ᠲᠡᠢᠴᠦᠳ᠎ᠲᠦ ᠬᠦᠷᠲᠡᠭᠡᠵᠦ᠍᠂ ᠥᠷᠭᠡᠨ ᠤᠯᠠᠨ ᠡᠮᠡᠭ᠌ᠲᠡᠢᠴᠦᠳ᠎ᠲᠦ ᠡᠯ᠎ᠡ ᠵᠦᠢᠯ᠎ᠦᠨ ᠡᠷᠬᠡ᠎ᠶ᠋ᠢ ᠨᠡᠩ ᠪᠦᠬᠦ᠌ ᠲᠠᠯ᠎ᠠ᠎ᠪᠠᠷ ᠡᠷᠬᠡ ᠲᠡᠭ᠌ᠰᠢ ᠡᠳ᠋ᠯᠡᠭᠦᠯᠬᠦ᠌᠎ᠪᠡᠷ ᠴᠢᠷᠮᠠᠢᠶ᠎ᠠ᠃ ᠪᠠᠭ᠍ᠲᠠᠭᠠᠮᠵᠢᠲᠠᠢ ᠡᠶ᠎ᠡ ᠵᠣᠬᠢᠴᠠᠩᠭᠤᠢ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ᠂ ᠡᠮᠡᠭ᠌ᠲᠡᠢᠴᠦᠳ᠎ᠢ ᠭᠠᠳᠠᠭᠤᠷᠴᠢᠯᠠᠯ ᠪᠠ ᠬᠡᠯᠪᠡᠢᠭᠦᠦ ᠦᠵᠡᠯ ᠡᠴᠡ ᠵᠠᠢᠯᠠᠭᠤᠯᠤᠶ᠎ᠠ᠃ ᠡᠮᠡᠭ᠌ᠲᠡᠢᠴᠦᠳ᠎ᠦᠨ ᠲᠦᠷᠦ ᠵᠢᠨ ᠶᠠᠪᠤᠳᠠᠯ᠎ᠳᠤ ᠣᠷᠣᠯᠴᠠᠵᠤ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠠᠷᠭ᠎ᠠ ᠵᠠᠮ᠎ᠢ ᠥᠷᠭᠡᠳᠭᠡᠵᠦ᠍᠂ ᠡᠮᠡᠭ᠌ᠲᠡᠢᠴᠦᠳ᠎ᠦᠨ ᠤᠯᠤᠰ ᠣᠷᠣᠨ ᠪᠠ ᠨᠡᠢᠭᠡᠮ᠎ᠦᠨ ᠵᠠᠰᠠᠯᠲᠠ᠎ᠳᠤ ᠥᠷᠭᠡᠨ᠎ᠢᠶᠡᠷ ᠣᠷᠣᠯᠴᠠᠬᠤ᠎ᠶ᠋ᠢ ᠲᠡᠮᠵᠢᠶ᠎ᠡ᠃ ᠡᠮᠡᠭ᠌ᠲᠡᠢᠴᠦᠳ᠎ᠢ ᠬᠦᠨᠳᠦᠳᠭᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠬᠠᠮᠲᠤᠪᠠᠷ ᠪᠣᠶ ᠪᠣᠯᠭᠠᠵᠤ᠂ ᠬᠦᠶ᠋ᠰᠦ᠎ᠶ᠋ᠢᠨ ᠢᠯᠭᠠᠯ᠎ᠤᠨ ᠡᠷᠬᠡ ᠲᠡᠭ᠌ᠰᠢ ᠪᠠᠢᠬᠤ᠎ᠶ᠋ᠢ ᠦᠨᠡᠨ᠎ᠬᠦ᠌ ᠪᠦᠬᠦ᠌ ᠨᠡᠢᠭᠡᠮ᠎ᠦᠨ ᠪᠣᠯᠪᠠᠰᠤᠨ᠎ᠤ ᠬᠠᠮᠲᠤ᠎ᠶ᠋ᠢᠨ ᠲᠠᠨᠢᠯᠲᠠ ᠪᠣᠯᠤᠨ ᠦᠢᠯᠡ ᠠᠵᠢᠯᠯᠠᠭ᠎ᠠ᠎ᠶ᠋ᠢᠨ ᠪᠠᠷᠢᠮᠵᠢᠶ᠎ᠠ ᠪᠤᠯᠭᠠᠨ ᠳᠤᠳᠤᠭᠠᠳᠤᠴᠢᠯᠠᠶ᠎ᠠ᠃

ᠳᠥᠷᠪᠡᠳᠦᠭᠡᠷ᠎ᠲᠦ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠬᠠᠮᠲᠤᠷᠠᠯᠴᠠᠭ᠎ᠠ᠎ᠶ᠋ᠢ ᠠᠬᠢᠭᠤᠯᠬᠤ ᠴᠤ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠡ᠃ ᠲᠦᠷᠦᠭᠦᠬᠡᠨ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠬᠥᠮᠦᠨ᠎ᠢᠶᠡᠷ ᠦᠨᠳᠦᠰᠦ ᠪᠣᠯᠭᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠤᠨ ᠪᠠᠢᠭᠤᠯᠤᠯᠳᠠ᠎ᠶᠢ ᠠᠬᠢᠭᠤᠯᠬᠤ᠎ᠶᠢ ᠰᠠᠨᠠᠭᠠᠴᠢᠯᠠᠭᠰᠠᠨ ᠪᠢᠯᠡ᠃ ᠡᠮᠡᠭ᠌ᠲᠡᠢᠴᠦᠳ ᠪᠣᠯ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠬᠦ᠌ ᠴᠢᠬᠤᠯᠠ ᠬᠦᠴᠦᠨ ᠮᠥᠨ᠃ ᠪᠢᠳᠡ ᠡᠮᠡᠭ᠌ᠲᠡᠢᠴᠦᠳ᠎ᠦᠨ ᠴᠠᠭ ᠦᠶ᠎ᠡ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠳᠡᠮᠵᠢᠶ᠎ᠡ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠭᠣᠣᠯᠯᠠᠬᠤ ᠦᠢᠯᠡᠳᠦᠯ᠎ᠢᠶᠡᠨ ᠪᠠᠳᠠᠷᠠᠭᠤᠯᠬᠤ᠎ᠶ᠋ᠢ ᠲᠡᠮᠵᠢᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠡᠮᠡᠭ᠌ᠲᠡᠢᠴᠦᠳ᠎ᠦᠨ ᠬᠡᠷᠡᠭ᠌ᠴᠡᠭᠡ᠎ᠶ᠋ᠢ ᠨᠡᠩ ᠢᠯᠡᠭᠦᠦ ᠠᠩᠬᠠᠷᠴᠤ᠌᠂ ᠡᠯ᠎ᠡ ᠤᠯᠤᠰ᠎ᠤᠨ ᠡᠮᠡᠭ᠌ᠲᠡᠢᠴᠦᠳ᠎ᠲᠦ ᠥᠷᠭᠡᠨ ᠠᠭᠤᠳᠠᠮ ᠬᠠᠮᠲᠤᠷᠠᠯᠴᠠᠭᠠᠨ᠎ᠤ ᠲᠠᠪᠴᠠᠩ ᠪᠠᠢᠭᠤᠯᠵᠤ᠂ ᠰᠣᠯᠢᠯᠴᠠᠭ᠎ᠠ ᠲᠤᠯᠢᠳᠠᠯ᠎ᠢᠶᠡᠨ ᠦᠷᠭᠦᠯᠵᠢᠯᠡᠨ ᠭᠦᠨᠵᠡᠭᠡᠢᠷᠡᠭᠦᠯᠵᠦ᠍᠂ ᠭᠤᠤ᠎ᠠ ᠰᠠᠢᠬᠠᠨ᠎ᠢ ᠬᠠᠮᠲᠤ᠎ᠪᠠᠷ ᠡᠳ᠋ᠯᠡᠬᠦ᠌ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠤᠶ᠎ᠠ᠃

      ᠠᠪᠠᠬᠠᠶ᠎ᠨᠠᠷ᠂ ᠠᠪᠤᠭᠠᠶ᠎ᠨᠠᠷ᠂ ᠨᠠᠢᠵᠠ᠎ᠨᠠᠷ ᠡ!

      ᠳᠤᠮᠳᠠᠳᠤ ᠤᠯᠤᠰ ᠡᠮᠡᠭ᠌ᠲᠡᠢᠴᠦᠳ᠎ᠦᠨ ᠦᠢᠯᠡᠰ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠶᠡᠬᠡ ᠦᠢᠯᠡᠳᠦᠯᠭᠡ᠎ᠳᠦ ᠠᠭᠤᠰᠤᠯᠴᠠᠭᠤᠯᠬᠤ᠎ᠶ᠋ᠢ ᠪᠠᠷᠢᠮᠲᠠᠯᠠᠪᠠ᠃ ᠤᠯᠠᠨ ᠵᠢᠯ᠎ᠦᠨ ᠴᠢᠷᠮᠠᠢᠯᠭ᠎ᠠ᠎ᠪᠠᠷ ᠳᠠᠮᠵᠢᠭᠠᠳ᠂ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠪᠢᠳᠡ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠠᠮᠤᠭ᠎ᠤᠨ ᠶᠡᠬᠡ ᠬᠡᠪᠴᠢᠶᠡᠨ᠎ᠦ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ 6.9 ᠳ᠋ᠦᠩᠱᠢᠭᠤᠷ ᠡᠮᠡᠭ᠌ᠲᠡᠢᠴᠦᠳ ᠴᠢᠨᠡᠭᠡᠯᠢᠭ ᠨᠡᠢᠭᠡᠮ᠎ᠳᠦ ᠵᠡᠷᠭᠡ᠎ᠪᠡᠷ ᠣᠷᠣᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠦᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌ ᠬᠠᠷᠠᠯᠲᠠ᠎ᠶ᠋ᠢ ᠤᠷᠢᠳᠴᠢᠯᠠᠨ ᠪᠡᠶᠡᠯᠡᠭᠦᠯᠪᠡ᠃ ᠳᠤᠮᠳᠠᠳᠤ ᠤᠯᠤᠰ᠎ᠤᠨ ᠵᠢᠷᠮᠦᠰᠦᠨ ᠪᠦᠰᠡᠭᠦᠢ ᠬᠥᠩᠭᠡᠵᠢᠬᠦ᠌ ᠪᠦᠰᠡᠭᠦᠢ᠎ᠶ᠋ᠢᠨ ᠦᠬᠦᠯᠲᠡ᠎ᠶ᠋ᠢᠨ ᠨᠤᠷᠮ᠎ᠠ 1995 ᠣᠨ᠎ᠤ ᠬᠢ᠎ᠡᠴᠡ 80% ᠱᠢᠬᠠᠮ ᠪᠠᠭᠤᠷᠠᠵᠤ᠂ ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢᠨ ᠭᠣᠣᠯ ᠭᠦᠢᠴᠡᠳᠭᠡᠯ ᠲᠣᠭ᠎ᠠ ᠪᠦᠬᠦ᠌ ᠪᠥᠮᠪᠥᠷᠴᠡᠭ᠎ᠦᠨ ᠳᠤᠮᠳᠠ ᠥᠨᠳᠥᠷ ᠣᠷᠣᠯᠭ᠎ᠠ᠎ᠲᠠᠶ ᠤᠯᠤᠰ᠎ᠤᠨ ᠲᠦᠷᠦᠭᠦᠨ᠎ᠳᠦ ᠣᠷᠣᠪᠠ᠃ ᠥᠨᠥᠳᠦᠷ ᠳᠤᠮᠳᠠᠳᠤ ᠤᠯᠤᠰ᠎ᠤᠨ ᠡᠮᠡᠭ᠌ᠲᠡᠢᠴᠦᠳ ᠠᠵᠤ ᠠᠬᠤᠢ ᠨᠡᠢᠭᠡᠮ᠎ᠦᠨ ᠬᠥᠭ᠌ᠵᠢᠯᠲᠡ ᠳᠤᠮᠳᠠ 《ᠲᠦᠷᠦ᠍᠎ᠶ᠋ᠢᠨ ᠬᠠᠭᠠᠰ ᠲᠤᠯᠭᠠᠭᠤᠷᠢ》᠎ᠶᠢᠨ ᠦᠢᠯᠡᠳᠦᠯ᠎ᠢᠶᠡᠨ ᠦᠨᠡᠨ ᠬᠦ᠌ ᠪᠠᠳᠠᠷᠠᠭᠤᠯᠵᠤ ᠪᠠᠢᠨ᠎ᠠ᠃ ᠳᠤᠮᠳᠠᠳᠤ ᠤᠯᠤᠰ᠎ᠤᠨ ᠪᠥᠬᠥ᠌ ᠨᠡᠢᠭᠡᠮ᠎ᠦᠨ ᠠᠵᠢᠯ ᠣᠯᠤᠭ᠍ᠰᠠᠳ᠎ᠤᠨ ᠳᠣᠲᠣᠷ᠎ᠠ ᠡᠮᠡᠭ᠌ᠲᠡᠢᠴᠤᠳ᠎ᠤᠨ ᠡᠵᠡᠯᠡᠬᠦ᠌ ᠬᠠᠷᠢᠴᠠᠯ 40% ᠎ᠶᠢ ᠳᠠᠪᠠᠵᠤ᠂ ᠢᠨᠲ᠋ᠸᠷ ᠰᠦᠯᠵᠢᠶᠡᠨ᠎ᠦ ᠬᠦᠷᠢᠶᠡᠨ᠎ᠳᠡᠬᠢ ᠦᠶ᠋ᠯᠡᠰ ᠪᠤᠰᠬᠠᠭᠴᠢᠳ᠎ᠤᠨ ᠳᠣᠲᠣᠷ᠎ᠠ ᠡᠮᠡᠭ᠌ᠲᠡᠢᠴᠤᠳ᠎ᠤᠨ ᠡᠵᠡᠯᠡᠬᠦ᠌ ᠬᠠᠷᠢᠴᠠᠯ ᠬᠠᠭᠠᠰ᠎ᠢ ᠳᠠᠪᠠᠵᠤ᠂ ᠥᠩᠭᠡᠷᠡᠭ᠌ᠰᠡᠨ 4 ᠬᠤᠭᠤᠴᠠᠭᠠᠨ᠎ᠤ ᠵᠣᠨ᠎ᠤ ᠤᠯᠠᠷᠢᠯ᠎ᠤᠨ ᠣᠯᠢᠮᠫᠢᠺ᠎ᠤᠨ ᠴᠤᠭ᠍ᠯᠠᠭᠠᠨ᠎ᠤ ᠱᠠᠩᠨᠠᠯ᠎ᠤᠨ ᠮᠧᠳᠠᠯ ᠣᠯᠤᠭ᠍ᠰᠠᠳ᠎ᠤᠨ ᠳᠣᠲᠣᠷ᠎ᠠ ᠡᠮᠡᠭ᠌ᠲᠡᠢᠴᠤᠳ᠎ᠤᠨ ᠡᠵᠡᠯᠡᠬᠦ᠌ ᠬᠠᠷᠢᠴᠠᠯ 60% ᠎ᠶᠢ ᠳᠠᠪᠠᠵᠠᠶ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠮᠡᠭ᠌ᠲᠡᠢᠴᠦᠳ ᠤᠷᠢᠳ ᠡᠮᠦᠨ᠎ᠡ ᠪᠠᠢᠭ᠎ᠠ ᠦᠭᠡᠢ ᠢᠲᠡᠭᠡᠯ ᠪᠠ ᠠᠮᠢᠵᠢᠷᠠᠯ᠎ᠤᠨ ᠬᠦᠴᠦᠨ᠎ᠢᠶᠡᠷ ᠤᠯᠤᠰ ᠪᠠ ᠨᠡᠢᠭᠡᠮ᠎ᠦᠨ ᠵᠠᠰᠠᠯᠲᠠ᠎ᠶ᠋ᠢᠨ ᠪᠦᠬᠦ᠌ ᠶᠠᠪᠤᠴᠠ᠎ᠳᠤ ᠣᠷᠣᠯᠴᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠬᠠᠮᠲᠤ᠎ᠪᠠᠷ ᠪᠠᠶᠠᠵᠢᠬᠤ᠌ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠳᠡ ᠪᠠ ᠲᠣᠭᠠᠴᠢᠯᠠᠯᠳᠠ ᠳᠡᠢᠰᠢ ᠬᠡᠯᠪᠡᠷᠢ ᠪᠠᠨ ᠬᠤᠪᠢᠷᠠᠭᠤᠯᠬᠤ ᠬᠠᠮᠤᠭ᠎ᠤᠨ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠵᠦ᠍᠂ ᠴᠤᠭ ᠪᠠᠳᠠᠷᠠᠩᠭᠤᠢ᠎ᠪᠠᠷ ᠡᠷᠡᠯᠬᠡᠭ᠌ᠯᠡᠨ ᠤᠷᠤᠭ᠍ᠰᠢᠯᠠᠬᠤ ᠡᠮᠡᠭ᠌ᠲᠡᠢᠴᠦᠳ᠎ᠦᠨ ᠢᠷᠠᠭᠤ ᠲᠤᠤᠯᠢᠰ᠎ᠢ ᠪᠢᠴᠢᠭ᠌ᠯᠡᠵᠦ ᠪᠤᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ᠂ ᠡᠮᠡᠭ᠌ᠲᠡᠢᠴᠦᠳ ᠨᠢᠭᠡᠪᠦᠷᠢ ᠴᠥᠮ ᠭᠣᠣᠯ ᠳᠦᠷᠢ ᠪᠣᠯᠤᠨ᠎ᠠ!

      ᠳᠤᠮᠳᠠᠳᠤ ᠤᠯᠤᠰ ᠲᠤᠰ ᠪᠡᠶ᠎ᠡ᠎ᠶ᠋ᠢᠨ ᠬᠥᠭ᠌ᠵᠢᠯᠲᠡ᠎ᠪᠡᠷ᠎ᠢᠶᠡᠨ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠲᠦ ᠢᠳᠡᠪᠬᠢᠲᠡᠢ ᠠᠵᠠ ᠲᠣᠬᠢᠶᠠᠯ ᠪᠠ ᠪᠠᠲᠤᠯᠠᠭ᠎ᠠ ᠬᠠᠩᠭᠠᠪᠠ᠃ ᠳᠤᠮᠳᠠᠳᠤ ᠤᠯᠤᠰ ᠪᠣᠯᠪᠠᠰᠤᠨ᠎ᠤ ᠶᠠᠷᠢᠯᠴᠠᠭᠠᠨ᠎ᠤ ᠤᠯᠠᠨ ᠤᠯᠤᠰ᠎ᠤᠨ ᠡᠳᠦᠷ᠎ᠢ ᠡᠭᠦᠰᠭᠡᠨ ᠪᠠᠢᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠲᠠᠶ ᠬᠠᠮᠲᠤᠷᠠᠨ ᠥᠬᠢᠳ ᠪᠠ ᠡᠮᠡᠭ᠌ᠲᠡᠢᠴᠦᠳ᠎ᠦᠨ ᠰᠤᠷᠭᠠᠨ ᠬᠥᠮᠦᠵᠢᠯ᠎ᠦᠨ ᠱᠠᠩᠨᠠᠯ ᠭᠠᠷᠭᠠᠵᠤ᠂ 《ᠡᠬᠡ ᠨᠢᠯᠬᠠᠰ᠎ᠤᠨ ᠡᠷᠡᠭᠦᠯ ᠮᠡᠨᠳᠦ᠍᠎ᠶ᠋ᠢᠨ ᠢᠨᠵᠧᠨᠧᠷᠢᠩ》᠂ 《ᠪᠠᠶᠠᠷ ᠪᠠᠶᠠᠰᠭᠤᠯᠠᠩᠲᠤ ᠰᠤᠷᠭᠠᠭᠤᠯᠢ᠎ᠶ᠋ᠢᠨ ᠬᠦᠷᠢᠶᠡᠨ᠎ᠦ ᠢᠨᠵᠧᠨᠧᠷᠢᠩ》 ᠵᠡᠷᠭᠡ ᠨᠢᠭᠡ ᠪᠦᠯᠦᠭ 《ᠪᠠᠭ᠎ᠠ ᠮᠥᠷᠲᠡᠭᠡᠨ ᠭᠤᠢᠳᠠ》 ᠨᠡᠢᠲᠡ᠎ᠶ᠋ᠢᠨ ᠠᠰᠠᠷᠠᠮᠵᠢ᠎ᠶ᠋ᠢᠨ ᠵᠦᠢᠯᠡᠰ᠎ᠢ ᠬᠡᠷᠡᠭ᠌ᠵᠢᠭᠦᠯᠵᠦ᠍᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠢᠭᠤᠯᠬᠤ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠪᠣᠷᠣ ᠲᠥᠯᠥᠪ᠎ᠦᠨ ᠳᠣᠲᠣᠷ᠎ᠠ ᠤᠯᠠᠨ ᠤᠯᠤᠰ᠎ᠤᠨ ᠡᠮᠡᠭ᠌ᠲᠡᠢᠴᠦᠳ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠢᠳᠡᠪᠬᠢᠲᠡᠢ ᠠᠬᠢᠭᠤᠯᠪᠠ᠃

      ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠳᠡᠮᠵᠢᠬᠦ᠌᠎ᠶ᠋ᠢᠨ ᠲᠥᠯᠥᠭᠡ᠂ ᠢᠷᠡᠬᠦ᠌ 5 ᠵᠢᠯ᠎ᠳᠦ ᠳᠤᠮᠳᠠᠳᠤ ᠤᠯᠤᠰ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠮᠡᠭ᠌ᠲᠡᠢᠴᠦᠳ᠎ᠦᠨ ᠵᠠᠬᠢᠷᠭ᠎ᠠ᠎ᠳᠤ ᠲᠠᠬᠢᠨ 1000 ᠲᠦᠮᠡᠨ ᠳ᠋ᠣᠯᠯᠠᠷ ᠵᠣᠭᠣᠰ ᠬᠠᠨᠳᠢᠪᠯᠠᠨ᠎ᠠ; ᠳ᠋ᠦᠩᠱᠢᠭᠤᠷ ᠳ᠋ᠣᠯᠯᠠᠷ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ ᠪᠠ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ᠎ᠶᠢᠨ ᠰᠠᠭᠤᠷᠢ ᠮᠥᠩᠭᠥ᠎ᠶ᠋ᠢ ᠬᠠᠩᠭᠠᠵᠤ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠯᠤᠭ᠎ᠠ ᠡᠮᠡᠭ᠌ᠲᠡᠢᠴᠦᠳ ᠪᠠ ᠥᠬᠢᠳ᠎ᠦᠨ ᠬᠥᠭ᠌ᠵᠢᠯᠲᠡ᠎ᠶ᠋ᠢ ᠠᠬᠢᠭᠤᠯᠬᠤ ᠬᠠᠮᠲᠤᠷᠠᠯᠴᠠᠭᠠᠨ᠎ᠤ ᠵᠦᠢᠯᠡᠰ᠎ᠢ ᠬᠠᠮᠲᠤᠷᠠᠨ ᠬᠡᠷᠡᠭ᠌ᠵᠢᠭᠦᠯᠦᠨ᠎ᠡ; ᠡᠮᠡᠭ᠌ᠲᠡᠢᠴᠦᠳ ᠪᠠ ᠥᠬᠢᠳ᠎ᠢ ᠤᠷᠢᠳ᠎ᠢᠶᠠᠷ ᠠᠱᠢᠭ ᠭᠥᠷᠳᠡᠬᠦ᠌ ᠡᠲᠡᠭᠡᠳ ᠪᠣᠯᠭᠠᠵᠤ᠂ ᠠᠷᠠᠳ᠎ᠤᠨ ᠠᠮᠢᠳᠤᠷᠠᠯ᠎ᠤᠨ ᠬᠥᠭ᠌ᠵᠢᠯᠲᠡ᠎ᠶ᠋ᠢᠨ ᠬᠦᠷᠢᠶᠡᠨ᠎ᠳᠦ 1000 《ᠪᠠᠭ᠎ᠠ ᠮᠥᠷᠲᠡᠭᠡᠨ ᠭᠤᠢᠳᠠ》 ᠲᠥᠷᠥᠯ ᠵᠦᠶ᠋ᠯ᠎ᠢᠶᠡᠷ ᠲᠤᠰᠠᠯᠠᠨ᠎ᠠ; 5 ᠲᠦᠮᠡᠨ ᠡᠮᠡᠭ᠌ᠲᠡᠢᠴᠦᠳ᠎ᠢ ᠤᠷᠢᠵᠤ ᠳᠤᠮᠳᠠᠳᠤ ᠤᠯᠤᠰ᠎ᠲᠤ ᠰᠣᠯᠢᠯᠴᠠᠭ᠎ᠠ ᠬᠢᠵᠦ᠍ ᠰᠤᠳᠤᠯᠤᠨ ᠰᠤᠷᠤᠯᠴᠠᠭᠤᠯᠤᠨ᠎ᠠ; 《ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠲᠥᠪ》᠎ᠢ ᠪᠠᠢᠭᠤᠯᠵᠤ᠂ ᠬᠣᠯᠪᠣᠭ᠍ᠳᠠᠯ ᠪᠦᠬᠦᠢ ᠤᠯᠤᠰ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠲᠠᠶ ᠡᠮᠡᠭ᠌ᠲᠡᠢᠴᠦᠳ᠎ᠦᠨ ᠬᠦᠷᠢᠶᠡᠨ᠎ᠳᠡᠬᠢ ᠴᠢᠳᠠᠪᠤᠷᠢ᠎ᠶ᠋ᠢᠨ ᠪᠠᠢᠭᠤᠯᠤᠯᠲᠠ ᠵᠡᠷᠭᠡ ᠬᠥᠭ᠌ᠵᠢᠯᠲᠡ᠎ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠨᠡᠩ ᠤᠯᠠᠨ ᠡᠮᠡᠭ᠌ᠲᠡᠢ ᠭᠠᠷᠮᠠᠭᠠᠢ ᠴᠢᠳᠠᠪᠤᠷᠢᠲᠠᠨ᠎ᠢ ᠬᠥᠮᠦᠵᠢᠭᠦᠯᠦᠨ᠎ᠡ ᠬᠡᠵᠦ ᠪᠢ ᠵᠠᠷᠯᠠᠵᠦ ᠪᠠᠢᠨ᠎ᠠ᠃

      ᠠᠪᠠᠬᠠᠶ᠎ᠨᠠᠷ᠂ ᠠᠪᠤᠭᠠᠶ᠎ᠨᠠᠷ᠂ ᠨᠠᠢᠵᠠ᠎ᠨᠠᠷ ᠡ!

      《ᠤᠷᠳᠤ ᠤᠳᠠᠭᠠᠨ ᠪᠠᠷᠢᠮᠳᠠᠯᠠᠪᠠᠯ ᠠᠩᠬᠢᠯᠤᠮ᠎ᠠ ᠦᠨᠦᠷ ᠠᠶᠠᠨᠳᠠᠭᠠᠨ ᠬᠠᠩᠬᠤᠯᠤᠨ᠎ᠠ》᠃ ᠪᠢᠳᠡ ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠪᠡᠭᠡᠵᠢᠩ᠎ᠦᠨ ᠳᠡᠯᠡᠬᠡᠢ᠎ᠶ᠋ᠢᠨ ᠡᠮᠡᠭ᠌ᠲᠡᠢᠴᠦᠳ᠎ᠦᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠬᠠᠷᠠᠯᠲᠠ᠎ᠶᠢ ᠵᠤᠷᠢᠵᠤ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠱᠢᠨ᠎ᠡ ᠠᠬᠢᠴᠠ᠎ᠶ᠋ᠢ ᠲᠦᠷᠭᠡᠳᠭᠡᠵᠦ᠍᠂ ᠬᠥᠮᠦᠨ ᠲᠥᠷᠥᠯᠬᠢᠲᠡᠨ᠎ᠦ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠶ᠎ᠠ᠃

      ᠡᠨᠡ ᠤᠳᠠᠭ᠎ᠠ ᠵᠢᠨ ᠲᠦᠷᠦᠭᠦᠴᠦᠳ᠎ᠦᠨ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ! ᠣᠯᠠᠨ᠎ᠳᠤ ᠪᠠᠶᠠᠷᠯᠠᠯ᠎ᠠ!

      ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 10 ᠰᠠᠷ᠎ᠠ᠎ᠶᠢᠨ 13 ᠎ᠤ᠋ ᠴᠠᠬᠢᠯᠭᠠᠨ ᠮᠡᠳᠡᠭᠡ

ᠢᠷᠡᠯᠲᠡ᠄       