ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠧᠢᠱᠧᠯ᠎ᠦᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ ᠾᠧᠷᠮᠢᠨᠢ᠎ᠳᠦ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶ᠋ᠢᠲᠡᠯᠡᠭᠰᠡᠨ ᠴᠠᠭ᠄ 2025-10-16

      ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 15 ᠎ᠦ ᠴᠠᠬᠢᠯᠭᠠᠨ ᠮᠡᠳᠡᠭᠡ  10 ᠰᠠᠷ᠎ᠠ᠎ᠶᠢᠨ 15 ᠎ᠦ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠫᠠᠲ᠋ᠷᠢᠺ ·ᠾᠧᠷᠮᠢᠨᠢ᠎ᠳᠦ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠦᠭᠦᠳᠡ ᠨᠠᠢᠷᠠᠮᠳᠠᠬᠤ ᠰᠧᠢᠱᠧᠯ ᠤᠯᠤᠰ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

      ᠰᠢ ᠵᠢᠨ ᠫᠢᠩ᠂ ᠳᠤᠮᠳᠠᠳᠤ ᠤᠯᠤᠰ ᠪᠣᠯᠣᠨ ᠰᠧᠢᠱᠧᠯ ᠨᠥᠬᠥᠷᠰᠡᠭ ᠤᠯᠠᠮᠵᠢᠯᠠᠯ ᠲᠠᠢ ᠪᠠᠢᠵᠤ᠂ ᠬᠣᠶᠠᠷ ᠲᠠᠯ᠎ᠠ᠎ᠪᠠᠷ᠎ᠢᠶᠠᠨ ᠲᠣᠰ ᠲᠣᠰ᠎ᠤᠨ᠎ᠢᠶᠠᠨ ᠭᠤᠤᠯᠠᠭᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠵᠦ᠂ ᠰᠠᠭᠤᠷᠢ ᠲᠥᠬᠥᠭᠡᠷᠦᠮᠵᠢ᠂ ᠪᠣᠬᠢᠷᠲᠤᠯ ᠦᠭᠡᠢ ᠬᠥᠭᠵᠢᠯᠲᠡ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠳᠤ ᠳᠣᠪᠣᠢᠮ᠎ᠠ ᠦᠷ᠎ᠡ ᠪᠦᠲᠦᠮᠵᠢ ᠣᠯᠵᠠᠢ᠃ ᠳᠠᠷᠠᠭ᠎ᠠ ᠵᠢᠯ ᠪᠣᠯ ᠳᠤᠮᠳᠠᠳᠤ ᠰᠧᠢᠱᠧᠯ᠎ᠤᠨ ᠬᠠᠷᠢᠯᠴᠠᠭ᠎ᠠ ᠪᠠᠢᠭᠤᠯᠤᠭᠰᠠᠨ 50 ᠵᠢᠯ᠎ᠦᠨ ᠣᠢ ᠪᠣᠯᠣᠨ᠎ᠠ᠃ ᠪᠢ ᠳᠤᠮᠳᠠᠳᠤ ᠰᠧᠢᠱᠧᠯ᠎ᠦᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠢᠯᠡᠭᠴᠢ᠎ᠪᠡᠷ ᠰᠣᠩᠭᠣᠭᠳᠠᠭᠰᠠᠨ ᠾᠧᠷᠮᠢᠨᠢ ᠲᠡᠢ ᠬᠠᠮᠲᠤ᠎ᠪᠠᠷ ᠴᠢᠷᠮᠠᠢᠵᠤ᠂ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠦᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠬᠣᠶᠠᠷ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠲᠠᠰᠤᠷᠠᠯᠲᠠ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠢᠷᠡᠯᠲᠡ᠄       