10 ᠰᠠᠷ᠎ᠠ᠎ᠶ᠋ᠢᠨ 19 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠶᠠᠫᠣᠨ᠎ᠤ ᠤᠤᠯ᠎ᠤᠨ ᠲᠡᠷᠢᠭᠦᠨ ᠰᠠᠢᠳ ᠲᠤᠮᠢᠴᠢ ᠮᠦᠷᠠᠶᠠᠮᠠᠶᠢᠨ ᠨᠠᠰᠤ ᠪᠠᠷᠠᠭ᠍ᠰᠠᠨ ᠲᠤᠬᠠᠢ ᠶᠠᠫᠣᠨ ᠤ ᠲᠡᠷᠢᠭᠦᠨ ᠰᠠᠢᠳ ᠢᠰᠢᠪᠠ ᠰᠢᠭᠡᠷᠤ᠋ᠳᠤ ᠭᠠᠱᠢᠭᠤᠳᠠᠯᠤᠨ ᠴᠠᠬᠢᠯᠭᠠᠨ ᠴᠢᠮᠡᠭᠡ ᠶᠠᠪᠤᠭᠤᠯᠵᠤ᠂ ᠲᠤᠮᠢᠴᠢ ᠮᠦᠷᠠᠶᠠᠮᠠ ᠨᠠᠰᠤ ᠪᠠᠷᠠᠭ᠍ᠰᠠᠨ ᠳᠤ ᠭᠠᠱᠢᠭᠤᠳᠠᠵᠤ ᠪᠠᠢᠬᠤ᠎ᠪᠠᠨ ᠢᠯᠡᠳᠭᠡᠵᠦ᠍᠂ ᠭᠡᠷ ᠪᠦᠯᠢ᠎ᠶ᠋ᠢᠨ ᠬᠢᠨᠢ ᠲᠣᠬᠣᠨᠢᠭᠤᠯᠵᠤ ᠪᠠᠢᠬᠤ᠎ᠪᠠᠨ ᠢᠯᠡᠳᠭᠡᠪᠡ᠃
ᠰᠢ᠎ᠵᠢᠨ᠎ᠫᠢᠩ᠂ ᠮᠦᠷᠠᠶᠠᠮᠠ ᠠᠪᠤᠭᠠᠢ ᠪᠣᠯ ᠶᠠᠫᠣᠨ᠎ᠤ ᠱᠢᠳᠤᠷᠭᠤ ᠰᠡᠳᠭᠢᠯ᠎ᠲᠡᠶ ᠤᠯᠤᠰ ᠲᠦᠷᠦᠴᠢᠨ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠭᠤᠴᠢᠨ ᠨᠠᠢᠵᠠ ᠮᠥᠨ᠂ ᠤᠷᠳᠤ ᠬᠤᠭᠤᠴᠠᠭ᠎ᠠ᠎ᠪᠠᠷ ᠳᠤᠮᠳᠠᠳᠤ ᠶᠠᠫᠣᠨ᠎ᠤ ᠨᠥᠬᠥᠷᠯᠡᠯ᠎ᠦᠨ ᠦᠢᠯᠡᠰ᠎ᠦᠨ ᠲᠥᠯᠥᠭᠡ ᠵᠢᠳᠬᠦᠭ᠌ᠰᠡᠭᠡᠷ ᠢᠷᠡᠵᠠᠢ᠃ 1995 ᠣᠨ᠎ᠳᠤ ᠮᠦᠷᠠᠶᠠᠮᠠ ᠠᠪᠤᠭᠠᠢ ᠲᠤᠬᠠᠢ᠎ᠶ᠋ᠢᠨ ᠦᠶ᠎ᠡ᠎ᠶ᠋ᠢᠨ ᠶᠠᠫᠣᠨ᠎ᠤ ᠲᠡᠷᠢᠭᠦᠨ ᠰᠠᠢᠳ᠎ᠤᠨ ᠬᠤᠪᠢ᠎ᠪᠠᠷ ᠲᠡᠦᠬᠡ᠎ᠶ᠋ᠢᠨ ᠠᠰᠠᠭᠤᠳᠠᠯ᠎ᠤᠨ ᠲᠤᠬᠠᠢ ᠠᠯᠪᠠᠨ ᠶᠣᠰᠣᠨ᠎ᠤ ᠶᠠᠷᠢᠶ᠎ᠠ ᠲᠠᠯᠪᠢᠵᠤ᠂ ᠶᠠᠫᠣᠨ᠎ᠤ ᠲᠦᠷᠢᠮᠡᠬᠡᠢ ᠲᠠᠢ᠌ᠨ ᠪᠠ ᠺᠣᠯᠣᠨᠢᠴᠢᠯᠠᠯ᠎ᠤᠨ ᠨᠣᠶᠠᠷᠬᠠᠯ᠎ᠤᠨ ᠲᠡᠦᠬᠡ᠎ᠶ᠋ᠢ ᠮᠡᠳᠡᠷᠡᠬᠦ᠌᠎ᠶ᠋ᠢᠨ ᠬᠠᠮᠲᠤ ᠭᠦᠨᠵᠡᠭᠡᠢ ᠡᠷᠭᠢᠴᠡᠭᠦᠯᠦᠨ ᠦᠪᠡᠷ᠎ᠢ᠎ᠪᠡᠨ ᠬᠢᠨᠠᠵᠤ᠂ ᠬᠣᠬᠢᠷᠠᠯ ᠠᠮᠰᠠᠭ᠍ᠰᠠᠨ ᠤᠯᠤᠰ᠎ᠲᠤ ᠪᠤᠷᠤᠭᠤ ᠬᠦᠯᠢᠶᠡᠪᠡ᠃ 《ᠮᠦᠷᠠᠶᠠᠮᠠᠶᠢᠨ ᠶᠠᠷᠢᠶ᠎ᠠ》᠎ᠶᠢᠨ ᠵᠣᠷᠢᠭ ᠰᠠᠨᠠᠭ᠎ᠠ᠎ᠶ᠋ᠢ ᠬᠢᠴᠢᠶᠡᠩᠭᠦᠢᠯᠡᠨ ᠵᠢᠷᠤᠮᠯᠠᠬᠤ ᠬᠡᠷᠡᠭ᠌ᠲᠡᠢ᠃ ᠶᠠᠫᠣᠨ᠎ᠤ ᠲᠠᠯ᠎ᠠ᠎ᠶᠢᠨ ᠬᠢᠨ ᠳᠤᠮᠳᠠᠳᠤ᠎ᠶ᠋ᠢᠨ ᠲᠠᠯ᠎ᠠ᠎ᠲᠠᠶ ᠠᠳᠠᠯᠢ ᠴᠢᠭ᠌ᠯᠡᠯ᠎ᠢᠶᠡᠷ ᠤᠷᠤᠭ᠍ᠰᠢᠯᠠᠵᠤ᠂ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠳᠦ ᠬᠠᠨᠳᠤᠵᠤ᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢᠨ ᠤᠯᠤᠰ ᠲᠦᠷᠦ᠍᠎ᠶ᠋ᠢᠨ ᠰᠠᠭᠤᠷᠢ᠎ᠶ᠋ᠢ ᠬᠠᠮᠠᠭᠠᠯᠠᠵᠤ᠂ ᠭᠠᠷ ᠬᠣᠯᠪᠣᠨ ᠳᠤᠮᠳᠠᠳᠤ ᠶᠠᠫᠣᠨ᠎ᠤ ᠪᠠᠢᠯᠳᠤᠬᠤ ᠪᠤᠳᠤᠯᠭ᠎ᠠ᠎ᠶ᠋ᠢᠨ ᠬᠠᠷᠢᠯᠴᠠᠨ ᠠᠱᠢᠭ᠍ᠲᠠᠢ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃
ᠱᠢᠨᠬᠤᠸᠠ ᠬᠣᠷᠢᠶ᠎ᠠ᠎ᠶᠢᠨ ᠪᠡᠭᠡᠵᠢᠩ ᠦᠨ 10 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ