ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ 《ᠵᠠᠭᠤᠨ ᠵᠢᠯ᠎ᠦᠨ ᠰᠠᠬᠢᠨ ᠬᠠᠮᠠᠭᠠᠯᠠᠯᠲᠠ — ᠪᠣᠷᠣ᠌ ᠬᠣᠲᠠ᠎ᠠᠴᠠ ᠬᠠᠭᠠᠨ᠎ᠤ ᠣᠷᠳᠣᠨ᠎ᠤ ᠮᠦᠽᠧᠢ ᠬᠦᠷᠲᠡᠯ᠎ᠡ》 ᠦᠵᠡᠰᠬᠦᠯᠡᠩ᠎ᠢ ᠲᠣᠭᠣᠷᠢᠨ ᠦᠵᠡᠪᠡ
ᠨᠡᠶ᠋ᠢᠲᠡᠯᠡᠭᠰᠡᠨ ᠴᠠᠭ᠄ 2025-10-28

      ᠼᠠᠢ ᠴᠢ ᠦᠵᠡᠰᠬᠦᠯᠡᠩ᠎ᠢ ᠲᠣᠭᠣᠷᠢᠨ ᠦᠵᠡᠵᠡᠢ

      ᠬᠠᠭᠠᠨ᠎ᠤ ᠣᠷᠳᠣᠨ᠎ᠤ ᠮᠦᠽᠧᠢ ᠪᠠᠢᠭᠤᠯᠤᠭᠳᠠᠭᠰᠠᠨ 100 ᠵᠢᠯ᠎ᠦᠨ ᠣᠢ᠎ᠶᠢᠨ ᠲᠠᠰᠢᠷᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ᠎ᠵᠢᠨ᠎ᠫᠢᠩ 27 ᠎ᠤ ᠦᠳᠡ᠎ᠶᠢᠨ ᠡᠮᠦᠨ᠎ᠡ ᠬᠠᠭᠠᠨ᠎ᠤ ᠣᠷᠳᠣᠨ᠎ᠤ ᠮᠦᠽᠧᠢ᠎ᠳᠦ ᠬᠦᠷᠴᠦ᠂ 《ᠵᠠᠭᠤᠨ ᠵᠢᠯ᠎ᠦᠨ ᠰᠠᠬᠢᠨ ᠬᠠᠮᠠᠭᠠᠯᠠᠯᠲᠠ — ᠪᠣᠷᠣ᠌ ᠬᠣᠲᠠ᠎ᠠᠴᠠ ᠬᠠᠭᠠᠨ᠎ᠤ ᠣᠷᠳᠣᠨ᠎ᠤ ᠮᠦᠽᠧᠢ ᠬᠦᠷᠲᠡᠯ᠎ᠡ》 ᠦᠵᠡᠰᠬᠦᠯᠡᠩ᠎ᠢ ᠲᠣᠭᠣᠷᠢᠨ ᠦᠵᠡᠪᠡ᠃

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠪ᠎ᠦᠨ ᠱᠦᠵᠢ ᠨᠠᠷ᠎ᠤᠨ ᠭᠠᠵᠠᠷ᠎ᠤᠨ ᠱᠦᠵᠢ ᠼᠠᠢ ᠴᠢ ᠦᠵᠡᠰᠬᠦᠯᠡᠩ᠎ᠢ ᠲᠣᠭᠣᠷᠢᠨ ᠦᠵᠡᠪᠡ᠃

      10 ᠴᠠᠭ᠎ᠤᠨ ᠦᠶ᠎ᠡ᠎ᠪᠡᠷ᠂ ᠰᠢ᠎ᠵᠢᠨ᠎ᠫᠢᠩ ᠨᠠᠷ ᠬᠠᠭᠠᠨ᠎ᠤ ᠣᠷᠳᠣᠨ᠎ᠤ ᠮᠦᠽᠧᠢ᠎ᠳᠦ ᠬᠦᠷᠴᠦ᠂ ᠤᠷᠢᠳ ᠬᠣᠵᠢᠳ ᠡᠦ ᠮᠸᠨ᠎ᠤ ᠪᠠᠷᠠᠭᠤᠨ ᠶᠠᠨ ᠤ᠋ᠤᠢ ᠠᠰᠠᠷ᠎ᠤᠨ ᠦᠵᠡᠭᠦᠯᠭᠡ᠎ᠶᠢᠨ ᠲᠢᠩᠬᠢᠮ᠂ ᠭᠣᠣᠯ ᠠᠰᠠᠷ᠎ᠤᠨ ᠦᠵᠡᠭᠦᠯᠭᠡ᠎ᠶᠢᠨ ᠲᠢᠩᠬᠢᠮ᠂ ᠵᠡᠬᠦᠨ ᠶᠠᠨ ᠤ᠋ᠤᠢ ᠠᠰᠠᠷ᠎ᠤᠨ ᠦᠵᠡᠭᠦᠯᠭᠡ᠎ᠶᠢᠨ ᠲᠢᠩᠬᠢᠮ᠎ᠳᠦ ᠬᠦᠷᠴᠦ ᠥᠵᠡᠰᠬᠥᠯᠡᠨᠭ᠎ᠢ ᠲᠣᠭᠣᠷᠢᠨ ᠦᠵᠡᠪᠡ᠃ ᠥᠵᠡᠰᠬᠥᠯᠡᠨᠭ᠎ᠢ 《ᠰᠤᠶᠤᠯ᠎ᠤᠨ ᠨᠢᠭᠡ ᠰᠤᠳᠠᠰᠦ 》᠂ 《ᠵᠠᠭᠤᠨ ᠵᠢᠯ᠎ᠦᠨ ᠤᠯᠠᠮᠵᠢᠯᠠᠯ》᠂ 《ᠦᠨᠢᠷ ᠪᠠᠶᠠᠯᠢᠭ ᠦᠵᠡᠭᠳᠡᠯ ᠪᠠᠢᠳᠠᠯ》 ᠭᠡᠬᠦ ᠭᠤᠷᠪᠠᠨ ᠬᠡᠰᠡᠭ᠎ᠲᠦ ᠬᠤᠪᠢᠶᠠᠵᠤ᠂ 200 ᠬᠤᠪᠢ (ᠢᠵᠢ) ᠬᠣᠪᠣᠷ ᠴᠤᠬᠠᠭ ᠲᠡᠦᠬᠡ᠎ᠶᠢᠨ ᠳᠤᠷᠠᠰᠬᠠᠯᠲᠤ ᠵᠦᠢᠯᠡᠰ ᠲᠤᠯᠭᠤᠷ ᠪᠢᠴᠢᠭ᠎ᠢᠶᠡᠷ ᠳᠠᠮᠵᠢᠨ᠂ ᠬᠠᠭᠠᠨ᠎ᠤ ᠣᠷᠳᠣᠨ᠎ᠤ ᠮᠦᠽᠧᠢ᠎ᠶᠢᠨ ᠵᠠᠭᠤᠨ ᠵᠢᠯ᠎ᠦᠨ ᠬᠥᠭᠵᠢᠯᠲᠡ᠎ᠶᠢᠨ ᠶᠠᠪᠤᠴᠠ ᠪᠠ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠳᠡᠯᠭᠡᠨ ᠦᠵᠡᠭᠦᠯᠪᠡ᠃

      ᠤᠷᠠᠨ ᠪᠢᠴᠢᠯᠭᠡ᠂ ᠤᠷᠠᠨ ᠵᠢᠷᠤᠭ᠎ᠤᠨ ᠨᠡᠷᠡᠲᠦ ᠪᠦᠲᠦᠭᠡᠯ᠎ᠤᠳ᠂ ᠬᠦᠷᠡᠯ ᠵᠡᠪᠰᠡᠭ᠂ ᠬᠠᠰ ᠡᠳ᠋ᠯᠡᠯ᠂ ᠱᠠᠭᠠᠵᠠᠩ ᠡᠳ᠋ᠯᠡᠯ ᠵᠡᠷᠭᠡ ᠨᠢ ᠳᠤᠮᠳᠠᠳᠤ᠎ᠶᠢᠨ ᠦᠨᠳᠦᠰᠦᠲᠡᠨ᠎ᠦ ᠭᠡᠷᠡᠯ ᠰᠠᠴᠤᠷᠠᠩᠭᠤᠢ ᠲᠡᠦᠬᠡ ᠪᠠ ᠵᠠᠯᠭᠠᠮᠵᠢᠯᠠᠨ ᠦᠷᠭᠦᠯᠵᠢᠯᠡᠭᠰᠡᠨ ᠰᠣᠶᠣᠯ᠎ᠤᠨ ᠰᠤᠳᠠᠰᠤ᠎ᠶᠢ ᠭᠡᠷᠡᠴᠢᠯᠡᠨ᠎ᠡ᠃ ᠰᠢ᠎ᠵᠢᠨ᠎ᠫᠢᠩ ᠲᠠᠢᠯᠪᠦᠷᠢᠯᠠᠯᠲᠠ᠎ᠶᠢ ᠨᠠᠷᠢᠨ ᠬᠢᠨᠠᠮᠠᠭᠠᠢ ᠰᠣᠨᠣᠰᠴᠤ᠂ ᠪᠠᠢᠨ ᠪᠠᠢᠨ ᠵᠣᠭᠰᠣᠨ ᠦᠵᠡᠵᠦ᠂ ᠬᠠᠮᠢᠶ᠎ᠠ ᠪᠦᠬᠦᠢ ᠪᠠᠢᠳᠠᠯ᠎ᠢ ᠯᠠᠪᠯᠠᠨ ᠠᠰᠠᠭᠤᠪᠠ᠃ ᠲᠡᠷᠡ᠂ ᠬᠠᠭᠠᠨ᠎ᠤ ᠣᠷᠳᠣᠨ᠎ᠤ ᠮᠦᠽᠧᠢ ᠨᠢ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠤᠳᠤᠮᠰᠢᠯ᠎ᠢ ᠠᠴᠢᠶᠠᠯᠠᠵᠤ ᠪᠠᠢᠭ᠎ᠠ ᠪᠣᠯᠬᠣᠷ ᠳᠤᠮᠳᠠᠳᠤ᠎ᠶᠢᠨ ᠪᠣᠯᠪᠠᠰᠤᠨ᠎ᠤ ᠨᠢᠭᠡᠨ ᠴᠢᠬᠤᠯᠠ ᠪᠡᠯᠭᠡ ᠲᠡᠮᠳᠡᠭ ᠮᠥᠨ᠃ ᠬᠠᠭᠠᠨ᠎ᠤ ᠣᠷᠳᠣᠨ᠎ᠢ ᠰᠠᠢᠲᠤᠷ ᠬᠠᠮᠠᠭᠠᠯᠠᠵᠤ᠂ ᠬᠠᠭᠠᠨ᠎ᠤ ᠣᠷᠳᠣᠨ᠎ᠤ ᠦᠢᠯᠡᠳᠦᠯ᠎ᠢ ᠰᠠᠢᠲᠤᠷ ᠪᠠᠳᠠᠷᠠᠭᠤᠯᠬᠤ ᠪᠣᠯ ᠤᠯᠤᠰ ᠣᠷᠣᠨ᠎ᠤ ᠨᠢᠭᠡᠨ ᠲᠤᠮᠤ ᠶᠠᠪᠤᠳᠠᠯ ᠮᠥᠨ᠂ ᠬᠠᠭᠠᠨ᠎ᠤ ᠣᠷᠳᠣᠨ᠎ᠤ ᠮᠦᠽᠸᠢ᠎ᠶᠢᠨ ᠠᠵᠢᠯᠳᠠᠳ᠎ᠦᠨ ᠢᠷᠠᠭᠤ ᠠᠯᠳᠠᠷᠲᠤ ᠡᠭᠦᠷᠭᠡ ᠮᠥᠨ᠃ ᠰᠢᠨ᠎ᠡ ᠭᠠᠷᠤᠭ᠎ᠠ ᠳᠡᠭᠡᠷ᠎ᠡ᠂ ᠬᠠᠭᠠᠨ᠎ᠤ ᠣᠷᠳᠣᠨ ᠎ᠤ ᠮᠦᠽᠧᠢ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠲᠡᠦᠬᠡ᠎ᠶᠢᠨ ᠳᠤᠷᠠᠰᠬᠠᠯᠲᠤ ᠵᠦᠢᠯᠡᠰ ᠠᠷᠠᠳ ᠲᠦᠮᠡᠨ᠎ᠳᠦ ᠬᠠᠷᠢᠶᠠᠯᠠᠭᠳᠠᠬᠤ᠂ ᠠᠷᠠᠳ ᠲᠦᠮᠡᠨ᠎ᠳᠦ ᠦᠢᠯᠡᠴᠢᠯᠡᠬᠦ᠎ᠶᠢ ᠪᠠᠷᠢᠮᠲᠠᠯᠠᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠨ ᠨᠦᠬᠦᠨ ᠰᠡᠯᠪᠢᠬᠦ ᠎ᠶᠢ ᠴᠢᠩᠭᠠᠳᠬᠠᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠠᠮᠢᠳᠤᠯᠢᠭ᠍ᠵᠢᠭᠤᠯᠤᠨ ᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠵᠦ᠂ ᠬᠠᠭᠠᠨ᠎ᠤ ᠣᠷᠳᠣᠨ᠎ᠢ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠴᠢᠬᠤᠯᠠ ᠰᠠᠭᠤᠷᠢᠨ ᠪᠣᠯᠭᠠᠵᠤ᠂ ᠳᠡᠯᠡᠬᠡᠢ ᠎ᠳ᠋ᠠᠬᠢᠨ᠎ᠤ ᠳᠤᠮᠳᠠᠳᠤ᠎ᠶᠢᠨ ᠪᠣᠯᠪᠠᠰᠤᠨ᠎ᠢ ᠣᠢᠯᠠᠭᠠᠬᠤ᠂ ᠳᠤᠮᠳᠠᠳᠤ᠎ᠶᠢᠨ ᠦᠨᠳᠦᠰᠦᠲᠡᠨ᠎ᠢ ᠣᠢᠯᠠᠭᠠᠬᠤ᠎ᠶᠢᠨ ᠴᠢᠬᠤᠯᠠ ᠴᠣᠩᠬᠣᠪᠴᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

      ᠯᠢ ᠱᠦ᠍ ᠯᠧᠢ ᠪᠣᠯᠣᠨ ᠲᠥᠪ᠎ᠦᠨ ᠪᠠ ᠲᠥᠷᠥ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠥᠵᠡᠰᠬᠥᠯᠡᠨᠭ᠎ᠢ ᠲᠣᠭᠣᠷᠢᠨ ᠦᠵᠡᠵᠡᠢ᠃

      ᠰᠢᠨᠬᠤᠸᠠ ᠬᠣᠷᠢᠶ᠎ᠡ᠎ᠶᠢᠨ ᠪᠡᠭᠡᠵᠢᠩ᠎ᠦᠨ 10 ᠰᠠᠷ᠎ᠠ᠎ᠶᠢᠨ 27 ᠎ᠤ᠋ ᠴᠠᠬᠢᠯᠭᠠᠨ ᠮᠡᠳᠡᠭᠡ

ᠢᠷᠡᠯᠲᠡ᠄       