ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠴᠠᠬᠢᠯᠭᠠᠨ ᠴᠢᠮᠡᠭᠡ ᠶᠠᠪᠤᠭᠤᠯᠵᠤ ᠬᠠᠰᠠᠩ᠎ᠤᠨ ᠲᠠᠨᠽᠠᠨᠢᠶ᠎ᠠ᠎ᠶ᠋ᠢᠨ ᠶᠡᠷᠦᠩᠬᠡᠢᠯᠡᠭ᠌ᠴᠢ᠎ᠶᠢᠨ ᠲᠤᠱᠢᠶᠠᠯ᠎ᠳᠤ ᠭᠠᠷᠤᠭ᠍ᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2025-11-07

      11 ᠰᠠᠷ᠎ᠠ᠎ᠶ᠋ᠢᠨ 6 ᠎ᠤ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠰᠠᠮᠢᠶᠠ ᠰᠦᠯᠸᠬᠦ᠋ ᠬᠠᠰᠠᠩ᠎ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠥᠬᠥᠳᠡ ᠨᠠᠢᠷᠠᠮᠳᠠᠬᠤ ᠨᠢᠭᠡᠳᠦᠭ᠌ᠰᠡᠨ ᠲᠠᠨᠽᠠᠨᠢᠶ᠎ᠠ ᠤᠯᠤᠰ᠎ᠤᠨ ᠶᠡᠷᠦᠩᠬᠡᠢᠯᠡᠭ᠌ᠴᠢ᠎ᠶ᠋ᠢᠨ ᠲᠤᠱᠢᠶᠠᠯ᠎ᠳᠤ ᠭᠠᠷᠤᠭ᠍ᠰᠠᠨ᠎ᠳᠤ ᠪᠠᠶᠠᠷ ᠬᠦᠷᠭᠡᠪᠡ᠃

      ᠰᠢ᠎ᠵᠢᠨ᠎ᠫᠢᠩ᠂ ᠳᠤᠮᠳᠠᠳᠤ ᠤᠯᠤᠰ ᠪᠣᠯᠤᠨ ᠲᠠᠨᠽᠠᠨᠢᠶ᠎ᠠ᠎ᠶ᠋ᠢᠨ ᠤᠯᠠᠮᠵᠢᠯᠠᠯᠲᠤ ᠨᠥᠬᠥᠷᠯᠡᠯ ᠭᠦᠨ ᠵᠤᠵᠠᠭᠠᠨ ᠶᠤᠮ᠃ ᠤᠢ᠍ᠢᠷ᠎ᠠ᠎ᠶ᠋ᠢᠨ ᠵᠢᠯ᠎ᠡᠴᠡ᠂ ᠬᠣᠶᠠᠷ ᠤᠯᠤᠰ᠎ᠤᠨ ᠬᠠᠷᠢᠯᠴᠠᠭ᠎ᠠ ᠥᠨᠳᠥᠷ ᠲᠦᠪᠱᠢᠨ᠎ᠢᠶᠡᠷ ᠬᠥᠭ᠌ᠵᠢᠵᠦ᠍᠂ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠲᠡᠮᠵᠢᠵᠥ᠍᠂ ᠡᠯ᠎ᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠤᠯᠪᠠ᠃ ᠪᠢ ᠳᠤᠮᠳᠠᠳᠤ ᠲᠠᠨᠽᠠᠨᠢᠶ᠎ᠠ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠬᠠᠰᠠᠩ ᠲᠠᠶ ᠬᠠᠮᠲᠤ᠎ᠪᠠᠷ ᠴᠢᠷᠮᠠᠢᠵᠤ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠲᠠᠨᠽᠠᠨᠢᠶ᠎ᠠ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠦᠷᠭᠦᠯᠵᠢᠳᠡ ᠵᠢᠨ ᠳᠤᠮᠳᠠᠳᠤ ᠠᠹᠷᠢᠺᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃

      ᠱᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ

ᠢᠷᠡᠯᠲᠡ᠄       