ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠭᠤᠸᠠᠩᠳᠦ᠋ᠩ  ᠭᠤᠸᠠᠩᠵᠧᠦ ᠎ᠳᠦ ᠦᠪᠡᠳᠡᠭ᠌ᠰᠢ ᠶᠡᠬᠡ᠎ᠪᠡᠷ ᠡᠬᠢᠯᠡᠪᠡ ᠰᠢ᠎ᠵᠢᠨ᠎ᠫᠢᠩ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ
ᠨᠡᠶ᠋ᠢᠲᠡᠯᠡᠭᠰᠡᠨ ᠴᠠᠭ᠄ 2025-11-10

      ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ 9᠎ᠤ᠋ ᠣᠷᠣᠶ ᠭᠤᠸᠠᠩᠳᠦ᠋ᠩ ᠮᠤᠵᠢ᠎ᠶ᠋ᠢᠨ ᠭᠤᠸᠠᠩᠵᠧᠦ ᠬᠣᠲᠠ᠎ᠳᠤ ᠦᠪᠡᠳᠡᠭ᠌ᠰᠢ ᠶᠡᠬᠡ᠎ᠪᠡᠷ ᠡᠬᠢᠯᠡᠪᠡ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃

      11 ᠰᠠᠷ᠎ᠠ᠎ᠶᠢᠨ 9 ᠎ᠤ᠋ ᠣᠷᠣᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠣᠯᠣᠰ ᠤ᠋ᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭᠴᠢ ᠰᠢ᠎ᠵᠢᠨ᠎ᠫᠢᠩ ᠭᠤᠸᠠᠩᠳᠦ᠋ᠩ ᠮᠤᠵᠢ᠎ᠶᠢᠨ ᠭᠤᠸᠠᠩᠵᠧᠦ ᠬᠣᠲᠠ᠎ᠳᠤ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠡᠬᠢᠯᠡᠯᠳᠠ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠲᠠᠮᠢᠷ᠎ᠤᠨ ᠴᠤᠭᠯᠠᠭᠠᠨ ᠡᠬᠢᠯᠡᠭᠰᠡᠨ᠎ᠢ ᠵᠠᠷᠯᠠᠵᠠᠢ᠃ ᠵᠢᠷᠤᠭ ᠪᠣᠯ ᠰᠢ᠎ᠵᠢᠨ᠎ᠫᠢᠩ ᠲᠡᠷᠢᠭᠦᠯᠡᠭᠴᠢ᠎ᠶᠢᠨ ᠲᠠᠢᠰᠠᠨ ᠳᠡᠭᠡᠷ᠎ᠡ ᠡᠴᠡ ᠣᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ ᠪᠠᠢᠭ᠎ᠠ ᠨᠢ᠃ 

      ᠰᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠶᠠᠨ ᠶᠠᠨ ᠰᠡᠭᠦᠳᠡᠷᠯᠡᠪᠡ

      9᠎ᠤ᠋ ᠣᠷᠣᠶ᠎ᠶᠢᠨ ᠭᠤᠸᠠᠩᠳᠦ᠋ᠩ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ᠎ᠲᠦ ᠥᠩᠭᠡᠲᠦ ᠳ᠋ᠧᠩ ᠳᠤᠸᠠᠯᠠᠵᠤ᠂ ᠠᠭᠤᠷ ᠠᠮᠢᠰᠬᠤᠯ ᠬᠥᠷ ᠬᠥᠭ᠌ᠵᠢᠶᠡᠨ᠎ᠢᠶᠡᠷ ᠪᠢᠯᠬᠠᠨ᠎ᠠ᠃ ᠡᠨᠡ ᠪᠣᠯ ᠭᠤᠸᠠᠩᠳᠦ᠋ᠩ ᠱᠢᠶᠠᠩᠭᠠᠩ ᠣᠣᠮᠧᠨ ᠭᠤᠷᠪᠠᠨ ᠭᠠᠵᠠᠷ᠎ᠤᠨ ᠬᠠᠮᠲᠤᠷᠠᠨ ᠡᠷᠭᠢᠯᠡᠭ᠌ᠰᠡᠨ ᠠᠩᠬᠠᠳᠠᠭ᠍ᠴᠢ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ ᠪᠣᠯᠤᠨ᠎ᠠ᠃

      19 ᠴᠠᠭ 58 ᠮᠢᠨᠦ᠋ᠲ᠎ᠲᠦ᠂ ᠪᠠᠶᠠᠷ ᠪᠠᠶᠠᠰᠭᠤᠯᠠᠩᠲᠤ ᠬᠥᠭ᠌ᠵᠢᠮ᠎ᠦᠨ ᠠᠶᠠᠰ ᠳᠤᠮᠳᠠ᠂ ᠰᠢ᠎ᠵᠢᠨ᠎ᠫᠢᠩ ᠬᠠᠳᠤᠨ ᠫᠸᠩ ᠯᠢ ᠶᠤᠸᠠᠨ᠎ᠨᠠᠷ ᠲᠠᠢ ᠪᠡᠨ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠵᠤ᠂ ᠦᠵᠡᠭ᠌ᠴᠢᠳ᠎ᠦᠨ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠤᠲᠠᠲᠠᠯ᠎ᠠ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃

      20 ᠴᠠᠭ᠎ᠲᠤ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠵᠢᠩᠬᠢᠨᠢ᠎ᠪᠡᠷ ᠡᠬᠢᠯᠡᠪᠡ᠃ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠰᠦᠷ ᠵᠢᠪᠬᠤᠯᠠᠨᠭᠲᠤ ᠠᠶᠠᠰ᠎ᠤᠨ ᠳᠤᠮᠳᠠ᠂ ᠶᠣᠰᠣᠯᠠᠯ᠎ᠤᠨ ᠴᠡᠷᠢᠭ ᠲᠠᠪᠤᠨ ᠣᠳᠣᠲᠤ ᠤᠯᠠᠭᠠᠨ ᠲᠤᠭ᠎ᠢ ᠬᠠᠮᠠᠭᠠᠯᠠᠨ ᠢᠳᠡᠷᠡᠭᠦᠨ ᠠᠯᠬᠤᠭ᠎ᠠ ᠪᠡᠷ ᠲᠠᠮᠢᠷ᠎ᠤᠨ ᠲᠠᠯᠠᠪᠠᠢ᠎ᠳᠤ ᠠᠯᠬᠤᠨ ᠣᠷᠣᠪᠠ᠃ ᠰᠦᠷ ᠳᠠᠯᠠᠢᠴᠠᠲᠠᠢ ᠬᠥᠭ᠌ᠵᠢᠮ᠎ᠦᠨ ᠠᠶᠠᠰ ᠳᠤᠮᠳᠠ᠂ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠲᠤᠭ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠲᠤᠭ ᠪᠣᠯᠤᠨ 16 ᠲᠤᠭ᠍ᠴᠢ᠎ᠪᠠᠷ ᠪᠦᠷᠢᠯᠳᠦᠭ᠌ᠰᠡᠨ ᠴᠤᠭᠯᠠᠭᠠᠨ᠎ᠤ ᠲᠤᠭ᠎ᠤᠨ ᠵᠢᠭ᠍ᠰᠠᠭᠠᠯ ᠲᠠᠯᠠᠪᠠᠢ᠎ᠳᠤ ᠣᠷᠣᠪᠠ᠃ ᠵᠠᠯᠭᠠᠭᠠᠳ ᠬᠢᠨᠠᠭ᠍ᠴᠢ᠎ᠶᠢᠨ ᠲᠥᠯᠥᠭᠡᠯᠡᠭᠴᠢᠳ᠎ᠤᠨ ᠡᠩᠨᠡᠬᠡ ᠲᠠᠯᠠᠪᠠᠢ᠎ᠳᠤ ᠣᠷᠣᠪᠠ᠃ ᠶᠠᠭ ᠲᠡᠳᠡᠨ᠎ᠤ ᠬᠤᠢᠨ᠎ᠠ ᠨᠢ ᠶᠠᠪᠤᠭ᠎ᠠ ᠨᠢ 37 ᠲᠥᠯᠥᠭᠡᠯᠡᠭᠴᠢᠳ᠎ᠦᠨ ᠪᠦᠯᠬᠦᠮ᠎ᠦᠨ ᠴᠣᠭ ᠵᠢᠪᠬᠤᠭ᠎ᠠ ᠪᠠᠳᠠᠷᠠᠩᠭᠤᠢ ᠲᠠᠮᠢᠷᠴᠢᠳ᠎ᠤᠨ ᠲᠥᠯᠥᠭᠡᠯᠡᠭᠴᠢ ᠪᠤᠯᠤᠨ᠎ᠠ᠂ ᠲᠠᠲᠠᠨᠤᠰ ᠲᠣᠰ ᠲᠣᠰ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠶᠠᠩᠭᠠᠩ᠎ᠣᠨᠴᠠᠭᠠᠶ ᠵᠠᠰᠠᠭ ᠵᠠᠬᠢᠷᠭᠠᠨ᠎ᠤ ᠣᠷᠣᠨ᠂ ᠣᠣᠮᠧᠨ᠎ᠣᠨᠴᠠᠭᠠᠶ ᠵᠠᠰᠠᠭ ᠵᠠᠬᠢᠷᠭᠠᠨ᠎ᠤ ᠣᠷᠣᠨ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ ᠵᠢᠴᠢ 3 ᠠᠵᠢᠯ ᠲᠥᠷᠥᠯ᠎ᠦᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠡᠴᠡ ᠢᠷᠡᠭᠰᠡᠨ ᠶᠤᠮ᠃ ᠲᠠᠯᠠᠪᠠᠢ ᠳᠠᠶᠠᠭᠠᠷ ᠬᠠᠯᠠᠭᠤᠨ ᠠᠯᠠᠭ᠎ᠠ ᠲᠡᠰᠢᠯᠲᠡ᠎ᠶᠢᠨ ᠲᠠᠭᠤᠨ ᠪᠣᠯᠣᠨ ᠤᠤᠬᠠᠢᠯᠠᠨ ᠬᠠᠰᠬᠢᠷᠬᠤ ᠲᠠᠭᠤᠨ᠎ᠢᠶᠠᠷ ᠲᠠᠮᠢᠷᠴᠢᠳ᠎ᠤᠨ ᠲᠠᠯᠠᠪᠠᠢ᠎ᠳᠦ ᠤᠷᠤᠵᠤ ᠢᠷᠡᠬᠦ᠎ᠵᠢ ᠪᠠᠶᠠᠷᠯᠠᠨ ᠤᠭᠲᠤᠪᠠ᠃

      ᠲᠠᠯᠠᠪᠠᠢ᠎ᠳᠤ ᠣᠷᠣᠬᠤ ᠶᠣᠰᠣᠯᠠᠯ ᠳᠠᠭᠤᠰᠬᠤ᠎ᠦᠶ᠎ᠠ ᠳ᠋ᠤ᠂ ᠲᠠᠯᠠᠪᠠᠢ ᠳᠠᠶᠠᠭᠠᠷ᠎ᠪᠣᠰᠴᠤ ᠵᠣᠭᠰᠣᠨ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠳᠠᠭᠤᠯᠠᠪᠠ᠃ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶᠢᠨ ᠠᠶᠠᠰ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠥᠨᠳᠥᠷ᠎ᠲᠦ ᠨᠠᠮᠢᠷᠠᠨ᠎ᠠ᠃

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠤᠪᠴᠢᠶ᠎ᠠ᠎ᠵᠢᠨ ᠭᠡᠰᠢᠭᠦᠨ᠂ ᠭᠤᠸᠠᠩᠳᠦ᠋ᠩ ᠮᠤᠵᠢ᠎ᠶᠢᠨ ᠨᠠᠮ᠎ᠤᠨ ᠬᠤᠷᠢᠶ᠎ᠠ᠎ᠵᠢᠨ ᠱᠦᠵᠢ ᠬᠤᠸᠠᠩ ᠺᠦᠨ ᠮᠢᠩ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠧᠨ ᠬᠤᠤ ᠬᠤᠢ᠂ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠤᠪᠴᠢᠶ᠎ᠠ᠎ᠵᠢᠨ ᠳᠠᠷᠤᠭ᠎ᠠ ᠭᠤᠤ ᡁᠢ ᠳ᠋ᠠᠨ ᠲᠤᠰ ᠲᠤᠰ ᠪᠠᠶᠠᠷ᠎ᠤᠨ ᠦᠭᠡ ᠬᠡᠯᠡᠪᠡ᠃

      20 ᠴᠠᠭ 43 ᠮᠢᠨᠦ᠋ᠲ᠎ᠲᠦ᠂ ᠰᠢ᠎ᠵᠢᠨ᠎ᠫᠢᠩ᠄《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠡᠬᠢᠯᠡᠯ᠎ᠠ!》 ᠭᠡᠵᠦ ᠵᠠᠷᠯᠠᠭᠰᠠᠨ᠎ᠳᠤ᠂ ᠲᠠᠯᠠᠪᠠᠢ ᠳᠠᠶᠠᠭᠠᠷ ᠠᠯᠠᠭ᠎ᠠ ᠲᠠᠰᠢᠯᠲᠠ᠎ᠶᠢᠨ ᠲᠠᠭᠤᠨ᠂ ᠬᠦᠭᠡᠷᠦᠯᠳᠦᠨ ᠪᠠᠶᠠᠷᠯᠠᠯᠳᠤᠬᠤ ᠲᠠᠭᠤᠨ ᠤᠲᠠᠲᠠᠯ᠎ᠠ ᠦᠷᠭᠦᠯᠵᠢᠯᠡᠪᠡ᠃

ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠳᠠᠭᠤᠤ᠎ᠶᠢᠨ ᠠᠶᠠᠰ ᠳᠤᠮᠳᠠ᠂ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠲᠤᠭ ᠪᠣᠯᠣᠨ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠲᠤᠭ ᠠᠯᠭᠤᠷᠬᠠᠨ ᠮᠠᠨᠳᠤᠪᠠ᠃

      ᠴᠧᠨ ᠠᠢ ᠰᠸᠨ᠂ ᠶᠢᠦ ᠵᠢᠶᠦ᠋ᠨ ᠰᠢᠶᠠᠨ᠂ ᠶᠤᠸᠠᠨ ᠰᠢᠦᠸᠠᠨ ᠶᠦᠨ ᠲᠤᠰ ᠲᠤᠰ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠳᠤ ᠣᠷᠣᠯᠴᠠᠬᠤ ᠲᠠᠮᠢᠷᠴᠢᠨ᠂ ᠳᠠᠰᠬᠠᠯᠵᠢᠭᠤᠯᠤᠭᠴᠢ᠂ ᠬᠢᠨᠠᠭ᠍ᠴᠢ᠎ᠶᠢ ᠲᠥᠯᠥᠭᠡᠯᠡᠨ ᠲᠠᠩᠭᠠᠷᠢᠭ᠍ᠯᠠᠪᠠ᠃

      《ᠢᠷᠡᠭᠡᠳᠦᠢ᠎ᠶᠢᠨ ᠬᠦᠰᠡᠯ ᠵᠡᠭᠦᠳᠦ᠎ᠪᠡᠨ ᠲᠡᠷᠭᠡᠯᠰᠢᠭᠦᠯᠤᠶ᠎ᠡ》 ᠪᠡᠷ ᠭᠣᠣᠯ ᠰᠡᠳᠦᠪ ᠪᠣᠯᠭᠠᠭᠰᠠᠨ ᠰᠣᠶᠣᠯ ᠪᠡᠶ᠎ᠡ᠎ᠶᠢᠨ ᠲᠠᠮᠢᠷ᠎ᠤᠨ ᠦᠵᠡᠭᠦᠯᠭᠡ᠎ᠶᠢᠨ ᠲᠣᠭᠯᠠᠯᠲᠠ ᠡᠬᠢᠯᠡᠯ᠎ᠡ᠃ ᠪᠦᠬᠦᠶ᠋ᠢᠯᠡ ᠲᠣᠭᠯᠠᠯᠲᠠ ᠨᠢ 《ᠦᠨᠳᠦᠰᠦ ᠤᠭᠰᠠᠭ᠎ᠠ ᠨᠢᠭᠡᠲᠡᠢ》᠂ 《ᠪᠤᠳᠤᠯ ᠰᠡᠳᠬᠢᠯ ᠬᠤᠪᠢ ᠪᠠᠷᠢᠯᠳᠤᠯᠭ᠎ᠠ ᠨᠢᠭᠡᠳᠡᠢ》᠂ 《ᠬᠠᠮᠳᠤ᠎ᠶᠢᠨ ᠵᠡᠭᠦᠳᠦ ᠪᠡᠨ ᠬᠠᠮᠲᠤ᠎ᠪᠠᠷ ᠲᠡᠷᠭᠡᠯᠰᠢᠭᠦᠯᠦᠶ᠎ᠡ》 3 ᠪᠦᠯᠦᠭ᠎ᠢᠶᠡᠷ ᠪᠦᠷᠢᠯᠳᠦᠵᠦ᠂ ᠪᠡᠶ᠎ᠡ᠎ᠶᠢᠨ ᠲᠠᠮᠢᠷ᠎ᠤᠨ ᠡᠯᠧᠮᠧᠨ᠋ᠲ᠂ ᠤᠷᠠᠯᠢᠭ᠋᠎ᠤᠨ ᠠᠷᠭ᠎ᠠ ᠪᠠᠷᠢᠯ ᠪᠣᠯᠣᠨ ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠰᠢᠨ᠎ᠡ᠎ᠶᠢ ᠡᠭᠦᠳᠤᠨ ᠬᠡᠷᠡᠭᠯᠡᠵᠤ᠂ ᠲᠤᠰ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ 《ᠣᠷᠭᠢᠯᠤᠮ᠎ᠠ ᠰᠡᠳᠬᠢᠯᠭᠡ ᠪᠡᠷ ᠪᠢᠯᠬᠠᠬᠰᠠᠨ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠂ ᠠᠮᠢᠵᠢᠷᠠᠯ᠎ᠤᠨ ᠬᠦᠴᠦᠨ ᠲᠠᠢ ᠲᠣᠮᠣ᠌ ᠪᠤᠯᠤᠩ᠎ᠤᠨ ᠣᠷᠣᠨ》 ᠭᠡᠬᠦ ᠭᠣᠣᠯ ᠰᠡᠳᠦᠪ᠎ᠢ ᠠᠮᠢᠳᠤᠯᠢᠭ᠋᠎ᠢᠶᠠᠷ ᠲᠠᠢᠯᠪᠤᠷᠢᠯᠠᠪᠠ᠃

      ᠬᠥᠮᠥᠰ᠎ᠦᠨ ᠰᠡᠳᠬᠢᠯ᠎ᠢ ᠳᠣᠭᠳᠣᠯᠤᠭᠤᠯᠤᠭᠰᠠᠨ ᠲᠠᠯᠠᠪᠠᠢ ᠳᠤᠲᠤᠷᠠᠬᠢ ᠭᠠᠯ ᠪᠠᠮᠪᠠᠷ ᠳᠠᠮᠵᠢᠭᠤᠯᠬᠤ ᠪᠠ ᠭᠣᠣᠯ ᠭᠠᠯ ᠪᠠᠮᠪᠠᠷ᠎ᠢ ᠠᠰᠠᠭᠠᠬᠤ ᠶᠣᠰᠣᠯᠠᠯ ᠡᠬᠢᠯᠡᠪᠡ᠃ 11 ᠰᠠᠷ᠎ᠠ᠎ᠶᠢᠨ 2 ᠤ᠋ᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ᠎ᠢ ᠭᠤᠸᠠᠨᠭᠳᠦᠢ᠍ᠩ ᠰᠢᠶᠠᠩᠭᠠᠩ ᠣᠣᠮᠧᠨ ᠭᠤᠷᠪᠠᠨ ᠭᠠᠵᠠᠷ᠎ᠲᠤ ᠵᠡᠷᠭᠡ᠎ᠪᠡᠷ ᠳᠠᠮᠵᠢᠭᠤᠯᠵᠤ᠂ ᠬᠠᠮᠤᠭ᠎ᠤᠨ ᠰᠡᠬᠦᠯ᠎ᠳᠦ ᠭᠤᠸᠠᠨᠭᠳᠦᠢ᠍ᠩ᠎ᠦᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠦ ᠴᠤᠬᠯᠠᠷᠠᠪᠠ᠃ ᠲᠦᠮᠡᠨ ᠤᠯᠠᠨ᠎ᠢᠶᠡᠷ᠎ᠢᠶᠡᠨ᠂ ᠮᠠ ᠯᠢᠨ᠂ ᠴᠧᠨ ᠷᠦᠸᠸ ᠯᠢᠨ᠂ ᠬᠤᠸᠠᠩ᠎ᠶᠢᠨ ᠪᠦᠦ᠂ ᠹᠠᠩ ᠸᠸᠨ ᠬᠤᠤ᠂ ᠭᠦᠸᠧ ᠵᠢᠩ ᠵᠢᠩ᠂ ᠸᠠᠩ ᠰᠢᠨ ᠢᠦᠢ᠂ ᠸᠠᠩ ᠯᠢᠦ ᠢ᠂ ᠸᠠᠩ ᠴᠢᠶᠠᠨ ᠢ᠂ ᠯᠢᠶᠠᠩ ᠸᠧᠢ ᠺᠸᠩ᠂ ᠯᠠᠢ ᠰᠢᠦᠸᠠᠨ ᡁᠢ᠂ ᠰᠢᠶᠠᠨ ᠳ᠋ᠦᠩ ᠮᠧᠢ᠂ ᠷᠦᠩ ᡁᠢ ᠰᠢᠩ ᠵᠡᠷᠭᠡ 12 ᠭᠠᠯ ᠪᠠᠮᠪᠠᠷᠴᠢᠨ ᠪᠤᠤᠬᠢᠶ᠎ᠠ ᠳᠠᠮᠵᠢᠭᠤᠯᠵᠤ᠂ ᠬᠠᠮᠤᠭ᠎ᠤᠨ ᠰᠡᠭᠦᠯ᠎ᠳᠦᠨᠢ ᠰᠦ᠍ ᠪᠢᠩ ᠲᠢᠶᠠᠨ᠂ ᠵᠠᠩ ᠵᠢᠶᠠ ᠯᠠᠩ᠂ ᠯᠢ ᠢ ᠬᠠᠮᠲᠤ ᠪᠠᠷ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠭᠣᠣᠯ ᠭᠠᠯ ᠪᠠᠮᠪᠠᠷ᠎ᠢ ᠠᠰᠠᠭᠠᠭᠰᠠᠨ᠎ᠢ ᠬᠠᠷᠠᠵᠠᠭᠠᠯ᠎ᠠ᠃

      21 ᠴᠠᠭ 27 ᠮᠢᠨᠦ᠋ᠲ᠎ᠲᠦ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠭᠤᠤᠯ ᠰᠡᠳᠦᠪᠲᠦ ᠲᠠᠭᠤᠤ 《ᠵᠢᠷᠦᠬᠡ ᠰᠡᠳᠭᠢᠯ᠎ᠤᠨ ᠬᠡᠯᠬᠢᠶ᠎ᠡ》 ᠭᠡᠬᠦ ᠳᠠᠭᠤᠤ᠎ᠶᠢᠨ ᠳᠤᠮᠳᠠ ᠲᠡᠭᠦᠰ ᠠᠮᠵᠢᠯᠲᠠ᠎ᠲᠠᠶ ᠥᠨᠳᠥᠷᠯᠡᠪᠡ᠃

      ᠸᠠᠩ ᠢ᠂ ᠯᠢ ᠬᠣᠩ ᠵᠦᠩ᠂ ᠾᠧ ᠯᠢ ᠹᠸᠩ᠂ ᠵᠠᠩ ᠶᠢᠦ ᠱᠢᠶᠠ᠂ ᠸᠠᠩ ᠱᠢᠶᠤᠤ ᠬᠣᠩ᠂ ᠱᠧᠨ ᠢ ᠴᠢᠨ᠂ ᠸᠠᠩ ᠳ᠋ᠦᠩ ᠹᠸᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃

      ᠲᠡᠯᠡᠬᠡᠢ᠎ᠶᠢᠨ ᠣᠯᠢᠮᠫᠢᠺ᠎ᠤᠨ ᠪᠡᠶ᠎ᠡ᠎ᠶᠢᠨ ᠲᠡᠮᠢᠷ᠎ᠤᠨ ᠬᠦᠳᠡᠯᠬᠡᠬᠡᠨ᠎ᠤ ᠵᠥᠪᠯᠡᠯ᠎ᠦᠨ ᠲᠡᠷᠢᠭᠦᠯᠡᠭ᠌ᠴᠢ ᠺᠤᠤᠸᠸᠨᠴᠦ᠋ᠢ᠂ ᠲᠡᠯᠡᠬᠡᠢ᠎ᠶᠢᠨ ᠣᠯᠢᠮᠫᠢᠺ᠎ᠤᠨ ᠪᠡᠶ᠎ᠡ᠎ᠶᠢᠨ ᠲᠡᠮᠢᠷ᠎ᠤᠨ ᠬᠦᠳᠡᠯᠬᠡᠬᠡᠨ᠎ᠤ ᠵᠥᠪᠯᠡᠯ᠎ᠦᠨ ᠨᠠᠰᠤᠨ ᠲᠤᠷᠱᠢᠳᠠ᠎ᠶᠢᠨ ᠨᠡᠷ᠎ᠡ ᠬᠦᠨᠳᠦᠲᠦ ᠲᠡᠷᠢᠭᠦᠯᠡᠭ᠌ᠴᠢ ᠪᠠᠾᠸ ᠵᠢᠴᠢ ᠤᠷᠢᠯᠭ᠎ᠠ᠎ᠪᠠᠷ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠢ ᠦᠵᠡᠭ᠌ᠦ ᠪᠡᠷ ᠭᠠᠳᠠᠭᠠᠳᠤ ᠡᠴᠡ ᠢᠷᠡᠭ᠌ᠰᠡᠨ ᠵᠣᠴᠢᠳ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃

      ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ 11 ᠰᠠᠷ᠎ᠠ᠎ᠶᠢᠨ 21 ᠎ᠤ᠋ ᠡᠳᠦᠷ ᠥᠨᠳᠥᠷᠯᠡᠬᠦ ᠪᠤᠯᠤᠨ᠎ᠠ᠂ ᠨᠡᠢᠲᠡ 1.4 ᠲᠦᠮᠡ ᠭᠠᠷᠤᠶ ᠲᠠᠮᠢᠷᠴᠢᠨ ᠦᠷᠢᠰᠦᠯᠳᠦᠬᠡᠨᠳᠦ ᠤᠷᠤᠯᠳᠤᠭᠠᠨ᠎ᠤ ᠲᠥᠷᠥᠯ ᠵᠦᠶ᠋ᠯ᠎ᠳᠦ ᠣᠷᠣᠯᠴᠠᠵᠤ᠂ ᠪᠠᠷᠤᠭ 1.1 ᠲᠦᠮᠡᠨ ᠣᠯᠠᠨ ᠲᠦᠮᠡᠨᠴᠢ ᠲᠠᠮᠢᠷᠴᠢᠨ ᠣᠯᠠᠨ ᠲᠦᠮᠡᠨᠴᠢ ᠤᠷᠤᠯᠳᠤᠭᠠᠨ᠎ᠤ ᠠᠵᠢᠯᠯᠠᠭ᠎ᠠ᠎ᠳᠤ ᠣᠷᠣᠯᠴᠠᠬᠤ ᠪᠣᠯᠤᠨ᠎ᠠ᠃

      ᠱᠢᠨᠬᠤᠸᠠ ᠬᠤᠷᠢᠶ᠎ᠠ᠎ᠶᠢᠨ ᠭᠤᠸᠠᠩᠵᠧᠦ᠍᠎ᠶᠢᠨ 11 ᠰᠠᠷ᠎ᠠ᠎ᠶᠢᠨ 9 ᠎ᠤ᠋ ᠴᠠᠬᠢᠯᠭᠠᠨ ᠮᠡᠳᠡᠭᠡ

ᠢᠷᠡᠯᠲᠡ᠄       