ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠪᠥᠬᠥ ᠤᠯᠤᠰ᠎ᠤᠨ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠲᠡᠷᠢᠭᠦᠨ᠎ᠦ ᠨᠢᠭᠡᠴᠢ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ ᠪᠣᠯᠣᠨ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠰᠢᠰᠲᠧᠮ᠎ᠦᠨ ᠲᠡᠷᠢᠭᠦᠨ᠎ᠦ ᠬᠠᠮᠲᠤ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ᠎ᠶᠢ ᠭᠥᠯᠢᠶᠡᠨ ᠠᠪᠴᠦ ᠠᠭᠤᠯᠵᠠᠪᠠ
ᠨᠡᠶ᠋ᠢᠲᠡᠯᠡᠭᠰᠡᠨ ᠴᠠᠭ᠄ 2025-11-10

      ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠡᠬᠢᠯᠡᠬᠦ ᠭᠡᠵᠦ ᠪᠠᠢᠭ᠎ᠠ ᠲᠠᠰᠢᠷᠠᠮ᠎ᠳᠦ᠂ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ᠎ᠵᠢᠨ᠎ᠫᠢᠩ 9 ᠎ᠤ᠋ ᠦᠳᠡ᠎ᠶᠢᠨ ᠬᠣᠢᠨ᠎ᠠ ᠭᠤᠸᠠᠨᠭᠵᠸᠦ᠎ᠳᠦ ᠪᠦᠬᠦ ᠤᠯᠤᠰ᠎ᠤᠨ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠲᠡᠷᠢᠭᠦᠨ᠎ᠦ ᠨᠢᠭᠡᠴᠢ᠂ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ ᠪᠣᠯᠣᠨ ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠰᠢᠰᠲᠧᠮ᠎ᠦᠨ ᠲᠡᠷᠢᠭᠦᠨ᠎ᠦ ᠬᠠᠮᠲᠤ᠂ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ᠎ᠶᠢ ᠳᠣᠲᠣᠨᠣ᠌᠎ᠪᠠᠷ ᠬᠦᠯᠢᠶᠡᠨ ᠠᠪᠴᠤ ᠠᠭᠤᠯᠵᠠᠵᠤ᠂ ᠲᠡᠳᠡᠨᠤᠰ ᠲᠸ᠋᠎ᠬᠠᠯᠠᠭᠤᠨ ᠪᠠᠶᠠᠷ ᠬᠦᠷᠭᠡᠵᠦ᠂ ᠲᠡᠳᠡᠨᠤᠰ᠎ᠢ ᠴᠢᠷᠮᠠᠢᠨ ᠲᠡᠮᠡᠴᠡᠵᠦ᠂ ᠲᠠᠬᠢᠨᠳᠠ ᠰᠢᠯᠢᠳᠡᠭ ᠪᠦᠲᠦᠮᠵᠢ᠎ᠶᠢ ᠡᠬᠦᠳᠴᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠤᠷᠢᠭᠵᠢᠭᠤᠯᠪᠠ᠃

      11 ᠰᠠᠷ᠎ᠠ᠎ᠶᠢᠨ 9 ᠎ᠤ᠋ ᠦᠳᠡ᠎ᠶᠢᠨ ᠬᠣᠢᠨ᠎ᠠ᠂ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ᠎ᠵᠢᠨ᠎ᠫᠢᠩ ᠭᠤᠸᠠᠨᠭᠵᠸᠦ᠎ᠳᠦ ᠪᠦᠬᠦ ᠤᠯᠤᠰ᠎ᠤᠨ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠲᠡᠷᠢᠭᠦᠨ᠎ᠦ ᠨᠢᠭᠡᠴᠢ᠂ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ ᠪᠣᠯᠣᠨ ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠰᠢᠰᠲᠧᠮ᠎ᠦᠨ ᠲᠡᠷᠢᠭᠦᠨ᠎ᠦ ᠬᠠᠮᠲᠤ᠂ ᠲᠡᠷᠢᠭᠦᠨ᠎ᠦ ᠬᠤᠪᠢ ᠬᠥᠮᠥᠨ᠎ᠦ ᠲᠥᠯᠥᠭᠡᠯᠡᠭᠴᠢ᠎ᠶᠢ ᠳᠣᠲᠣᠨᠣ᠌᠎ᠪᠠᠷ ᠬᠦᠯᠢᠶᠡᠨ ᠠᠪᠴᠤ ᠠᠭᠤᠯᠵᠠᠭᠰᠠᠨ ᠪᠦᠭᠡᠳ ᠤᠯᠠᠨ᠎ᠲᠠᠢ ᠬᠠᠮᠲᠤ᠎ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

      ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ

      ᠦᠳᠡ᠎ᠶᠢᠨ ᠬᠣᠢᠨ᠎ᠡ᠎ᠶᠢᠨ 4 ᠴᠠᠭ 15 ᠮᠢᠨᠦ᠋ᠲ᠎ᠦᠨ ᠦᠶ᠎ᠡ᠎ᠪᠡᠷ᠂ ᠰᠢ᠎ᠵᠢᠨ᠎ᠫᠢᠩ ᠨᠠᠷ ᠭᠤᠸᠠᠨᠭᠵᠸᠦ᠎ᠶᠢᠨ ᠪᠠᠢ ᠶᠦᠨ ᠤᠯᠠᠨ ᠤᠯᠤᠰ᠎ᠤᠨ ᠬᠤᠷᠠᠯ᠎ᠤᠨ ᠲᠥᠪ᠎ᠲᠦ ᠬᠦᠷᠴᠦ ᠢᠷᠡᠬᠦ᠎ᠳᠦ᠂ ᠬᠠᠯᠠᠭᠤᠨ ᠠᠯᠠᠭ᠎ᠠ ᠲᠡᠰᠢᠯᠲᠡ᠎ᠶᠢᠨ ᠲᠠᠭᠤᠨ ᠲᠠᠯᠠᠪᠠᠢ ᠳᠦᠭᠦᠷᠡᠩ ᠤᠳᠠᠲᠠᠯ᠎ᠠ ᠨᠢᠵᠢᠭᠢᠨᠡᠪᠡ᠃ ᠰᠢ᠎ᠵᠢᠨ᠎ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠭᠰᠡᠨ ᠪᠦᠬᠡᠳ ᠲᠥᠯᠥᠭᠡᠯᠡᠭᠴᠢᠳ᠎ᠲᠠᠢ ᠳᠣᠲᠣᠨᠣ᠌᠎ᠪᠠᠷ ᠶᠠᠷᠢᠯᠴᠠᠵᠤ᠂ ᠤᠯᠠᠨ᠎ᠲᠠᠢ ᠬᠠᠮᠲᠤ᠎ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

      ᠯᠢ ᠬᠣᠩ ᠵᠦᠩ᠂ ᠵᠠᠩ ᠶᠢᠦ ᠰᠢᠶᠠ᠂ ᠬᠤᠸᠠᠩ ᠺᠦᠨ ᠮᠢᠩ᠂ ᠱᠸᠨ ᠢ ᠴᠢᠨ᠂ ᠸᠠᠩ ᠳ᠋ᠦᠩ ᠹᠸᠩ ᠨᠠᠷ ᠬᠦᠯᠢᠶᠡᠨ ᠠᠪᠴᠦ ᠠᠭᠤᠯᠵᠠᠬᠤ᠎ᠳᠦ ᠣᠷᠣᠯᠴᠠᠵᠠᠢ᠃

      ᠰᠢᠨᠬᠤᠸᠠ ᠬᠤᠷᠢᠶ᠎ᠠ᠎ᠶᠢᠨ ᠭᠤᠸᠠᠩᠵᠧᠤ᠎ᠶᠢᠨ 11 ᠰᠠᠷ᠎ᠠ᠎ᠶᠢᠨ 9 ᠤ᠋ ᠴᠠᠬᠢᠯᠭᠠᠨ ᠮᠡᠳᠡᠭᠡ

ᠢᠷᠡᠯᠲᠡ᠄       