ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠤ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ — ᠨᠠᠮ᠎ᠤᠨ ᠤᠳᠤᠷᠢᠳᠤᠯᠭ᠎ᠠ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠬᠠᠤᠯᠢ᠎ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠵᠢ ᠪᠠᠷᠢᠮᠲᠠᠯᠠᠵᠤ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠬᠦᠴᠦ᠍᠎ᠪᠡᠨ ᠬᠠᠮᠲᠤᠳᠭᠠᠨ ᠡᠭᠦᠳᠦᠨ ᠨᠡᠭᠡᠭᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-11-19

      ᠵᠤᠤ ᠯᠸ ᠵᠶ᠋ᠢ ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ

      ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠵᠠᠢ

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠣᠢᠷ᠎ᠠ᠎ᠳᠤ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠤ ᠴᠢᠬᠤᠯᠠ ᠵᠢᠭᠠᠪᠤᠷᠢ ᠥᠭ᠌ᠴᠦ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ 《ᠳᠥᠷᠪᠡᠨ ᠪᠥᠬᠥ᠌ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠵᠤ ᠬᠦᠴᠦᠲᠡᠶ ᠠᠬᠢᠭᠤᠯᠵᠤ᠂ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠶᠡᠷᠦᠩᠬᠡᠶ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠡᠷ ᠵᠠᠰᠠᠬᠤ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠡᠷ ᠵᠠᠰᠠᠬᠤ ᠵᠠᠮ ᠶᠠᠪᠤᠬᠤ ᠲᠤᠲᠤᠮ ᠥᠷᠭᠡᠵᠢᠵᠠᠢ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠱᠢᠨ᠎ᠡ ᠠᠶᠠᠨ᠎ᠳᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠎ᠵᠢ ᠪᠠᠷᠢᠮᠲᠠᠯᠠᠵᠤ᠂ ᠨᠡᠩ ᠪᠦᠷᠢᠨ ᠲᠡᠭᠦᠯᠳᠡᠷ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠡᠷ ᠵᠠᠰᠠᠬᠤ ᠤᠯᠤᠰ᠎ᠢ ᠪᠦᠲᠦᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ᠎ᠪᠠᠷ ᠵᠠᠰᠠᠬᠤ ᠬᠢᠭᠡᠳ ᠥᠭᠡᠷᠡᠴᠢᠯᠡᠯᠲᠡ᠂ ᠬᠥᠭ᠌ᠵᠢᠯᠲᠡ᠂ ᠲᠣᠭ᠍ᠲᠠᠭᠤᠨ ᠬᠠᠷᠢᠯᠴᠠᠨ ᠬᠠᠮᠵᠢᠯᠴᠠᠬᠤ᠎ᠶᠢ ᠨᠡᠩ ᠴᠢᠬᠤᠯᠠᠴᠢᠯᠠᠨ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠦ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ᠎ᠢᠶᠡᠷ᠎ᠢᠶᠡᠨ ᠬᠠᠤᠯᠢ᠎ᠶ᠋ᠢ ᠰᠠᠬᠢᠬᠤ᠎ᠶᠢ ᠪᠦᠬᠦ᠌ ᠲᠠᠯ᠎ᠠ᠎ᠪᠠᠷ ᠠᠬᠢᠭᠤᠯᠵᠤ᠂ ᠤᠯᠤᠰ᠎ᠤᠨ ᠡᠯ᠎ᠡ ᠲᠠᠯ᠎ᠠ᠎ᠶ᠋ᠢᠨ ᠠᠵᠢᠯ᠎ᠢ ᠬᠠᠤᠯᠢ᠎ᠪᠡᠷ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠬᠠᠤᠯᠢ᠎ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ᠎ᠵᠢᠨ᠎ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ   ᠨᠠᠮ᠎ᠤᠨ ᠤᠳᠤᠷᠢᠳᠭᠤ ᠳᠤᠭᠤᠢᠯᠠᠩ  ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠵᠢ ᠡᠭᠦᠷᠭᠡᠯᠡᠵᠦ᠍ ᠂ ᠬᠠᠤᠯᠢ᠎ᠪᠡᠷ ᠵᠠᠰᠠᠬᠤ ᠬᠦᠷᠢᠶᠡᠨ᠎ᠦ ᠴᠢᠬᠤᠯᠠ ᠶᠡᠬᠡ ᠪᠠᠢᠷᠢᠯᠠᠭᠤᠯᠤᠯᠲᠠ᠂ ᠴᠢᠬᠤᠯᠠ ᠡᠭᠦᠷᠭᠡ᠂ ᠭᠣᠣᠯᠳᠠᠯᠭ᠎ᠠ᠎ᠲᠠᠶ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠬᠠᠤᠯᠢ᠎ᠪᠡᠷ ᠵᠠᠰᠠᠬᠤ ᠠᠵᠢᠯ᠎ᠤᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠰᠠᠯᠠᠭ᠎ᠠ ᠮᠥᠴᠢᠷ ᠡᠯ᠎ᠡ ᠬᠦᠷᠢᠶᠡᠨ᠎ᠦ ᠬᠢᠨ ᠬᠠᠤᠯᠢ᠎ᠶ᠋ᠢ ᠴᠢᠩᠭ᠎ᠠ ᠵᠢᠷᠤᠮᠯᠠᠨ ᠠᠵᠢᠯᠯᠠᠵᠤ᠂ ᠬᠠᠤᠯᠢ᠎ᠪᠡᠷ ᠵᠠᠰᠠᠬᠤ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠬᠦᠴᠦ᠍᠎ᠪᠡᠨ ᠬᠠᠮᠲᠤᠳᠭᠠᠨ ᠡᠭᠦᠳᠦᠨ ᠨᠡᠬᠡᠭᠡᠬᠦ ᠬᠡᠷᠡᠭ᠌ᠲᠡᠢ ᠭᠡᠵᠦ ᠴᠢᠬᠤᠯᠠᠴᠢᠯᠠᠪᠠ᠃

      ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ 11 ᠰᠠᠷ᠎ᠠ᠎ᠶ᠋ᠢᠨ 17 ᠡᠴᠡ 18 ᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠭ᠍ᠰᠠᠨ ᠪᠥᠭᠡᠳ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢ ᠤᠯᠠᠮᠵᠢᠯᠠᠪᠠ᠃

     ᠵᠤᠤ ᠯᠸ ᠵᠶ᠋ᠢ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠦ᠍᠂ ᠡᠴᠢᠨ᠎ᠡ ᠭᠦᠨ ᠦᠵᠡᠯ ᠰᠠᠨᠠᠭ᠎ᠠ ᠲᠠᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠵᠢᠯᠣᠭᠣᠳᠭᠤ ᠴᠢᠨᠠᠷ᠎ᠲᠠᠶ ᠪᠠᠢᠵᠤ᠂ ᠱᠢᠨ᠎ᠡ ᠠᠶᠠᠨ᠎ᠳᠤ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠂ ᠭᠦᠨᠵᠡᠭᠡᠢ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

      ᠵᠤᠤ ᠯᠸ ᠵᠶ᠋ᠢ᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠳᠤ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠣᠳᠭᠤ ᠦᠵᠡᠯ ᠰᠠᠨᠠᠭ᠎ᠠ ᠮᠥᠨ᠃ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠲᠡᠦᠬᠡᠲᠦ ᠴᠢᠨᠠᠷᠲᠠᠢ ᠠᠮᠵᠢᠯᠲᠠ ᠨᠢ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠦᠨᠡᠨ ᠶᠣᠰᠣᠨ᠎ᠤ ᠬᠦᠴᠦᠨ ᠪᠠ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠭᠦᠢᠴᠡᠳ ᠢᠯᠡᠷᠡᠭᠦᠯᠪᠡ᠃ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠰᠤᠷᠤᠯᠴᠠᠯᠭ᠎ᠠ ᠤᠬᠠᠭᠤᠯᠭ᠎ᠠ᠂ ᠰᠤᠷᠭᠠᠨ ᠬᠥᠮᠦᠵᠢᠯ ᠪᠣᠯᠪᠠᠰᠤᠷᠠᠯ᠂᠎ᠰᠤᠳᠤᠯᠤᠨ ᠲᠠᠢᠯᠪᠤᠷᠢᠯᠠᠯᠲᠠ᠎ᠶᠢ ᠭᠦᠨᠵᠡᠭᠡᠢᠷᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠦᠢᠯᠡᠳᠦᠯᠭᠡ᠎ᠳᠦ ᠢᠯᠡᠷᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

     ᠵᠤᠤ ᠯᠸ ᠵᠶ᠋ᠢ᠂ ᠨᠠᠮ᠎ᠤᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ 《ᠬᠣᠶᠠᠷ᠎ᠢ ᠲᠣᠭ᠍ᠲᠠᠭᠠᠭᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠪᠦᠬᠦ᠌ ᠶᠠᠪᠤᠴᠠ ᠪᠠ ᠡᠯ᠎ᠡ ᠲᠠᠯ᠎ᠠ᠎ᠳᠤ ᠲᠤᠭᠤᠱᠢᠯᠠᠭᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

      ᠵᠤᠤ ᠯᠸ ᠵᠶ᠋ᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠵᠤ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠬᠠᠤᠯᠢ᠎ᠪᠠᠷ ᠵᠠᠰᠠᠬᠤ᠎ᠪᠠᠷ ᠪᠠᠢᠭᠤᠯᠤᠯ᠎ᠤᠨ ᠳᠠᠪᠠᠭᠤᠯᠢᠭ᠎ᠢᠶᠠᠨ ᠪᠡᠬᠢᠵᠢᠭᠦᠯᠬᠦ᠌ ᠪᠠ ᠭᠦᠢᠴᠡᠳ ᠢᠯᠡᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠬᠠᠤᠯᠢ᠎ᠪᠠᠷ ᠵᠠᠰᠠᠬᠤ᠎ᠪᠠᠲᠤᠯᠠᠭ᠎ᠠ ᠬᠠᠩᠭᠠᠵᠤ᠂ ᠬᠠᠤᠯᠢ ᠶᠣᠰᠣᠭᠠᠷ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠵᠤ᠂ ᠤᠯᠤᠰ᠎ᠤᠨ ᠠᠮᠤᠷ ᠲᠦᠪᠱᠢᠨ ᠪᠣᠯᠤᠨ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠵᠤ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ᠎ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠭᠠᠬᠤ᠎ᠶ᠋ᠢ ᠪᠠᠲᠤᠯᠠᠬᠤ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

      ᠵᠤᠤ ᠯᠸ ᠵᠶ᠋ᠢ᠂ ᠨᠡᠩ ᠲᠡᠭᠦᠯᠳᠡᠷᠵᠢᠭ᠌ᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠵᠤ᠂ ᠪᠦᠷᠢᠨ ᠲᠡᠭᠦᠯᠳᠡᠷ ᠬᠠᠤᠯᠢ ᠴᠠᠭᠠᠵᠠ᠎ᠶ᠋ᠢᠨ ᠵᠢᠷᠤᠮᠵᠢᠯ᠎ᠤᠨ ᠱᠢᠰᠲ᠋ᠧᠮ᠎ᠢ ᠲᠦᠷᠭᠡᠨ ᠪᠦᠷᠢᠯᠳᠦᠭᠦᠯᠵᠦ᠍᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠬᠠᠤᠯᠢ᠎ᠪᠠᠷ ᠵᠠᠰᠠᠬᠤ᠎ᠠᠵᠢᠯ᠎ᠤᠨ ᠡᠩᠨᠡᠭᠡᠨ᠎ᠦ ᠪᠠᠢᠭᠤᠯᠤᠯᠲᠠ ᠪᠣᠯᠤᠨ ᠬᠠᠤᠯᠢ᠎ᠪᠠᠷ ᠵᠠᠰᠠᠬᠤ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠬᠤ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

      ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠱᠦᠵᠢ ᠴᠧᠨ ᠸᠸᠨ ᠴᠢᠩ ᠳ᠋ᠦᠩᠨᠡᠯᠲᠡ᠎ᠶ᠋ᠢᠨ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠨᠢ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠴᠢᠭ᠌ᠯᠡᠯ᠎ᠦᠨ ᠴᠢᠨᠠᠷᠲᠠᠢ ᠠᠰᠠᠭᠤᠳᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶ᠋ᠢ ᠭᠦᠨᠵᠡᠭᠡᠢᠷᠡᠭᠦᠯᠵᠦ᠍᠂ ᠱᠢᠨ᠎ᠡ ᠠᠶᠠᠨ᠎ᠳᠤ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠵᠤ ᠥᠭ᠌ᠴᠡᠢ᠃ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠬᠠᠤᠯᠢ᠎ᠶ᠋ᠢ ᠰᠠᠬᠢᠬᠤ᠎ᠶ᠋ᠢ ᠨᠢᠭᠡᠳᠦᠯᠲᠡᠢ ᠲᠥᠯᠥᠵᠢᠭᠦᠯᠦᠨ ᠠᠬᠢᠭᠤᠯᠵᠤ᠂ ᠬᠠᠤᠯᠢ ᠴᠠᠭᠠᠵᠠ᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠬᠦᠴᠦ᠍᠎ᠪᠡᠨ ᠬᠠᠮᠲᠤᠳᠭᠠᠨ ᠡᠭᠦᠳᠦᠨ ᠨᠡᠭᠡᠭᠡᠬᠦ᠌ ᠬᠡᠷᠡᠭ᠌ᠲᠡᠢ ᠭᠡᠵᠦ ᠢᠯᠡᠳᠭᠡᠪᠡ᠃

      ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠲᠢᠶᠠᠨᠵᠢᠨ ᠬᠣᠲᠠ᠂ ᠵᠢᠶᠠᠩᠰᠦ ᠮᠤᠵᠢ᠂ ᠹᠦᠵᠢᠶᠠᠨ ᠮᠤᠵᠢ᠂ ᠴᠦᠩᠴᠢᠩ ᠬᠣᠲᠠ᠂ ᠭᠠᠨᠰᠦ ᠮᠤᠵᠢ᠎ᠶ᠋ᠢᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠶ᠃

     ᠱ᠌ᠢ ᠲᠡᠶ ᠹᠸᠩ᠂ ᠯᠢ ᠱᠤ᠌ ᠯᠸᠢ᠂ ᠯᠢ ᠬᠣᠩ ᠵᠥᠩ᠂ ᠯᠢᠦ᠍ ᠵᠢᠨ ᠭᠦᠸᠧ᠂ ᠸᠠᠩ ᠱᠢᠶᠤᠤ ᠬᠣᠩ᠂ ᠵᠠᠩ ᠱᠧᠩ ᠮᠢᠨ᠂ ᠡᠸ᠋ ᠵᠧᠩ ᠯᠦᠩ᠂ ᠵᠠᠩ ᠵᠢᠶᠦ᠋ᠨ᠂ ᠶᠢᠩ ᠶᠦᠩ ᠬᠤᠷᠠᠯ᠎ᠳᠤ ᠣᠷᠣᠯᠴᠠᠵᠠᠶ᠃

      ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠬᠤᠷᠢᠶ᠎ᠠ᠎ᠶᠢᠨ ᠭᠡᠱᠢᠭᠦᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ ᠪᠣᠯᠤᠨ ᠲᠤᠰᠠᠭᠠᠷ ᠲᠥᠯᠥᠪᠯᠡᠭᠡᠲᠦ ᠬᠤᠳᠠ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠨᠠᠮ᠎ᠤᠨ ᠬᠤᠷᠢᠶ᠎ᠠ᠎ᠶᠢᠨ ᠪᠦᠬᠦ᠌ ᠲᠠᠯ᠎ᠠ᠎ᠪᠠᠷ ᠬᠠᠤᠯᠢ᠎ᠪᠠᠷ ᠮᠤᠵᠢ

 ᠦᠪᠡᠷᠳᠡᠭᠡᠨ ᠵᠠᠰᠠᠬᠤ ᠣᠷᠣᠨ᠂ ᠬᠤᠳᠠ᠂ ᠪᠢᠩᠲ᠋ᠤᠸᠠᠨ  ᠪᠠᠨ ᠵᠠᠰᠠᠬᠤ ᠬᠤᠷᠢᠶ᠎ᠠ᠎ᠶᠢᠨ ᠬᠠᠷᠢᠭᠤᠴᠠᠯᠭᠠᠲᠠᠨ ᠨᠥᠬᠥᠳ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

      ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 18 ᠎ᠤ᠋ ᠴᠠᠬᠢᠯᠭᠠᠨ ᠮᠡᠳᠡᠭᠡ

ᠢᠷᠡᠯᠲᠡ᠄       