ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ᠎ᠵᠢᠨ᠎ᠫᠢᠩ᠎ᠦᠨ ᠬᠠᠤᠯᠢ᠎ᠪᠠᠷ ᠵᠠᠰᠬᠠᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠬᠠᠤᠯᠢ᠎ᠪᠠᠷ ᠤᠯᠤᠰ᠎ᠢᠶᠠᠨ ᠵᠠᠰᠠᠬᠤ ᠠᠯᠪᠠᠨ ᠬᠡᠷ 2021 ᠣᠨ᠎ᠳᠤ ᠬᠡᠪᠯᠡᠭ᠌ᠳᠡᠭ᠌ᠰᠡᠨ 《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠬᠥᠲᠥᠯᠪᠦᠷᠢ》 ᠳ᠋ᠤ ᠵᠠᠰᠠᠪᠤᠷᠢ ᠣᠷᠣᠭᠤᠯᠵᠤ᠂ 《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠬᠥᠲᠥᠯᠪᠦᠷᠢ (2025 ᠣᠨ᠎ᠤ ᠬᠡᠪᠯᠡᠯ)》 (ᠳᠣᠷᠣᠭ᠍ᠰᠢ 《ᠬᠥᠲᠥᠯᠪᠦᠷᠢ (2025 ᠣᠨ᠎ᠤ ᠬᠡᠪᠯᠡᠯ)》 ᠭᠡᠵᠦ᠍ ᠳᠥᠭᠥᠮᠴᠢᠯᠡᠨ᠎ᠡ) ᠭᠡᠬᠦ᠌ ᠨᠣᠮ᠎ᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠵᠦ᠍᠂ ᠠᠷᠠᠳ᠎ᠤᠨ ᠬᠡᠪᠯᠡᠯ᠎ᠦᠨ ᠬᠣᠷᠢᠶ᠎ᠠ᠂ ᠰᠤᠷᠤᠯᠴᠠᠯᠭ᠎ᠠ᠎ᠶ᠋ᠢᠨ ᠬᠡᠪᠯᠡᠯ᠎ᠦᠨ ᠬᠣᠷᠢᠶ᠎ᠠ᠎ᠡᠴᠡ ᠬᠠᠮᠲᠤᠷᠠᠨ ᠬᠡᠪᠯᠡᠭᠦᠯᠵᠦ᠍᠂ ᠲᠣᠰ ᠡᠳᠦᠷ᠎ᠡᠴᠡ ᠡᠬᠢᠯᠡᠨ ᠪᠥᠬᠥ᠌ ᠤᠯᠤᠰ᠎ᠲᠤ ᠲᠠᠷᠬᠠᠭᠠᠪᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠡᠴᠡ ᠬᠠᠤᠯᠢ᠎ᠪᠠᠷ ᠵᠠᠰᠬᠠᠤ ᠪᠠᠢᠷᠢ ᠲᠣᠭ᠍ᠲᠠᠭᠠᠯᠳᠠ ᠬᠢᠵᠤ᠂ ᠬᠠᠤᠯᠢ᠎ᠪᠠᠷ ᠵᠠᠰᠬᠠᠤ᠎ᠶᠢ ᠪᠠᠢᠷᠢᠱᠢᠭᠤᠯᠵᠤ᠂ ᠬᠠᠤᠯᠢ᠎ᠪᠠᠷ ᠵᠠᠰᠬᠠᠤ᠎ᠶᠢ ᠴᠢᠩᠭ᠎ᠠ ᠬᠡᠷᠡᠭ᠌ᠵᠢᠭᠦᠯᠵᠦ᠍᠂ ᠮᠠᠷᠺᠰ᠎ᠤᠨ ᠦᠵᠡᠯ᠎ᠦᠨ ᠬᠠᠤᠯᠢ᠎ᠪᠠᠷ ᠵᠠᠰᠬᠠᠤ ᠤᠨᠤᠯ᠎ᠢ ᠳᠤᠮᠳᠠᠳᠤ ᠤᠯᠤᠰ᠎ᠤᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠪᠣᠳᠠᠲᠤ ᠪᠠᠢᠳᠠᠯ ᠯᠤᠭ᠎ᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠬᠠᠤᠯᠢ ᠴᠠᠭᠠᠵᠠ᠎ᠶ᠋ᠢᠨ ᠰᠣᠶᠣᠯ ᠯᠤᠭ᠎ᠠ ᠤᠶᠠᠯᠳᠤᠭᠤᠯᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠲᠤᠬᠠᠢ ᠠᠯᠢ ᠤᠯᠠᠨ ᠱᠢᠨ᠎ᠡ ᠤᠢ᠍ᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠪᠦᠲᠦᠭᠡᠯᠴᠢ᠎ᠪᠡᠷ ᠳᠤᠷᠠᠳᠴᠤ᠌᠂ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠪᠦᠷᠢᠯᠳᠦᠭᠦᠯᠵᠡᠢ᠃ ᠰᠢ᠎ᠵᠢᠨ᠎ᠫᠢᠩ᠎ᠦᠨ ᠬᠠᠤᠯᠢ᠎ᠪᠠᠷ ᠵᠠᠰᠬᠠᠤ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠦᠨ ᠬᠠᠤᠯᠢ᠎ᠪᠠᠷ ᠵᠠᠰᠠᠬᠤ ᠤᠨᠤᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠨᠤᠯ᠎ᠤᠨ ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠬᠥᠭ᠌ᠵᠢᠯᠲᠡ ᠮᠥᠨ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢᠨ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠮᠥᠨ᠃
《ᠬᠥᠲᠥᠯᠪᠦᠷᠢ (2025 ᠣᠨ᠎ᠤ ᠬᠡᠪᠯᠡᠯ)》 ᠨᠢ ᠨᠡᠢ᠌ᠳᠡ 14 ᠪᠦᠯᠦᠭ᠂ 51 ᠵᠤᠷᠪᠤᠰ 142 ᠵᠦᠢᠯ᠂ 10.5 ᠲᠦᠮᠡᠨ ᠦᠰᠦᠭ᠎ᠲᠡᠶ᠃ ᠪᠦᠬᠦ᠌ ᠨᠣᠮ᠎ᠳᠤ ᠰᠢ᠎ᠵᠢᠨ᠎ᠫᠢᠩ᠎ᠦᠨ ᠬᠠᠤᠯᠢ᠎ᠪᠠᠷ ᠵᠠᠰᠬᠠᠤ ᠦᠵᠡᠯ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠂ ᠭᠣᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠱᠢᠰᠲ᠋ᠧᠮ ᠲᠡᠶ ᠲᠣᠳᠣᠷᠬᠠᠢᠯᠠᠨ ᠥᠭᠦᠯᠡᠵᠦ᠍᠂ ᠡᠨᠡ ᠬᠦ᠌ ᠦᠵᠡᠯ ᠰᠠᠨᠠᠭᠠᠨ᠎ᠤ ᠬᠠᠮᠤᠭ ᠤᠨ ᠱᠢᠨ᠎ᠡ ᠬᠥᠭ᠌ᠵᠢᠯᠲᠡ᠎ᠶ᠋ᠢ ᠭᠦᠢᠴᠡᠳ ᠲᠤᠰᠭᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠠᠤᠯᠢ᠎ᠪᠠᠷ ᠵᠠᠰᠬᠠᠤ ᠬᠦᠷᠢᠶᠡᠨ᠎ᠳᠡᠬᠢ ᠤᠤᠭᠠᠯ ᠡᠭᠦᠳᠦᠯᠲᠡ᠎ᠶ᠋ᠢᠨ ᠴᠢᠨᠠᠷᠲᠠᠢ ᠬᠤᠪᠢ ᠨᠡᠮᠡᠷᠢ᠎ᠶ᠋ᠢ ᠪᠦᠬᠦ᠌ ᠲᠠᠯ᠎ᠠ᠎ᠪᠠᠷ ᠢᠯᠡᠷᠡᠭᠦᠯᠪᠡ᠃ 《ᠬᠥᠲᠥᠯᠪᠦᠷᠢ(2025 ᠣᠨ᠎ᠤ ᠬᠡᠪᠯᠡᠯ)》᠎ᠶᠢᠨ ᠠᠭᠤᠯᠭ᠎ᠠ ᠨᠢ ᠡᠯᠪᠡᠭ ᠪᠠᠶᠠᠯᠢᠭ᠂ ᠪᠦᠲᠦᠴᠡ ᠨᠢ ᠲᠥᠪ ᠴᠢᠩᠭ᠎ᠠ᠂ ᠤᠭ ᠵᠤᠬᠢᠶᠠᠯ ᠤᠭ ᠪᠦᠲᠦᠭᠡᠯ᠎ᠳᠦ ᠦᠨᠡᠨᠴᠢ ᠪᠠᠢᠵᠤ᠂ ᠵᠣᠬᠢᠶᠠᠯ᠎ᠤᠨ ᠰᠤᠷᠲᠠᠯ ᠨᠢ ᠪᠣᠷᠣᠭ᠍ᠵᠢᠭᠤᠨ ᠠᠮᠢᠳᠤᠯᠢᠭ ᠪᠠᠢᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠰᠢ᠎ᠵᠢᠨ᠎ᠫᠢᠩ᠎ᠦᠨ ᠬᠠᠤᠯᠢ᠎ᠪᠠᠷ ᠵᠠᠰᠬᠠᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠡᠷᠬᠡ ᠰᠦᠷᠲᠦ ᠬᠠᠪᠰᠤᠷᠤᠮᠵᠢ ᠤᠩᠱᠢᠬᠤ ᠪᠢᠴᠢᠭ ᠪᠣᠯᠤᠨ᠎ᠠ᠃
ᠲᠥᠪ᠎ᠦᠨ ᠤᠬᠠᠭᠤᠯᠬᠤ ᠬᠡᠯᠲᠡᠰ᠂ ᠲᠥᠪ ᠤ᠋ᠨ ᠬᠠᠤᠯᠢ᠎ᠪᠠᠷ ᠤᠯᠤᠰ᠎ᠢᠶᠠᠨ ᠵᠠᠰᠠᠬᠤ ᠠᠯᠪᠠᠨ ᠭᠡᠷ ᠮᠡᠳᠡᠭ᠌ᠳᠡᠯ ᠲᠠᠷᠬᠠᠭᠠᠵᠤ᠂《ᠬᠥᠲᠥᠯᠪᠦᠷᠢ (2025 ᠣᠨ᠎ᠤ ᠬᠡᠪᠯᠡᠯ)》᠎ᠶᠢ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠺᠠᠳ᠋ᠷ᠎ᠤᠨ ᠪᠣᠯᠪᠠᠰᠤᠷᠠᠯ᠂ ᠨᠠᠮ᠎ᠤᠨ ᠭᠡᠱᠢᠭᠦᠨ᠎ᠦ ᠰᠤᠷᠤᠯᠴᠠᠯᠭ᠎ᠠ᠎ᠶ᠋ᠢᠨ ᠴᠢᠬᠤᠯᠠ ᠠᠭᠤᠯᠭ᠎ᠠ ᠪᠤᠯᠭᠠᠬᠤ᠎ᠶᠢ ᠠᠬᠢᠭᠤᠯᠵᠤ᠂ ᠪᠦᠬᠦ᠌ ᠲᠠᠯ᠎ᠠ᠎ᠪᠠᠷ ᠱᠢᠰᠲ᠋ᠧᠮ ᠲᠠᠢ ᠰᠤᠷᠤᠯᠴᠠᠵᠤ᠂ ᠴᠠᠭ ᠲᠤᠬᠠᠶ᠎ᠳᠤᠨᠢ ᠳᠠᠭᠠᠨ ᠰᠤᠷᠤᠯᠴᠠᠵᠤ᠂ ᠭᠦᠨᠵᠡᠭᠡᠶ ᠰᠡᠳᠭᠢᠨ ᠰᠤᠷᠤᠯᠴᠠᠵᠤ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠬᠦ᠂ ᠦᠢᠯᠡᠳᠦᠯᠭᠡ᠎ᠪᠡᠨ ᠵᠢᠯᠣᠭᠣᠳᠭᠤ᠂ ᠠᠵᠢᠯ᠎ᠢᠶᠠᠨ ᠠᠬᠢᠭᠤᠯᠬᠤ᠎ᠶᠢ ᠴᠦᠬᠦᠷᠡᠰᠢ ᠦᠭᠡᠢ ᠪᠠᠷᠢᠮᠳᠠᠯᠠᠵᠤ᠂ ᠨᠠᠩ ᠤᠬᠠᠮᠰᠠᠷ᠎ᠡᠴᠡ᠎ᠪᠠᠨ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠵᠢᠯᠤᠭᠤᠳᠤᠨ ᠵᠠᠳᠠᠯᠵᠤ᠂ ᠪᠣᠳᠠᠲᠠᠶ ᠠᠰᠠᠭᠤᠳᠠᠯ᠎ᠢ ᠰᠢᠢᠳᠪᠤᠷᠢᠯᠡᠨ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠲᠦᠭᠡᠨ ᠪᠠᠢᠭᠤᠯᠬᠤ ᠠᠮᠢᠳᠤᠯᠢᠭ ᠦᠶ᠋ᠯᠡᠳᠦᠯᠭᠡ ᠪᠤᠯᠭᠠᠨ ᠬᠤᠪᠢᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠤ᠂ ᠬᠠᠤᠯᠢ᠎ᠪᠠᠷ ᠵᠠᠰᠠᠬᠤ ᠵᠠᠮ ᠳᠡᠭᠡᠷ᠎ᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ ᠭᠡᠷᠡᠭᠳᠠᠢ ᠭᠡᠵᠤ ᠱᠠᠭᠠᠷᠳᠠᠪᠠ᠃
ᠱᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶ᠋ᠢᠨ 18 ᠤ᠋ ᠴᠠᠬᠢᠯᠭᠠᠨ ᠮᠡᠳᠡᠭᠡ