ᠼᠠᠢ ᠴᠢ ᠬᠤᠷᠠᠯ᠎ᠢ ᠡᠷᠬᠢᠯᠡᠵᠦ ᠯᠢ ᠰᠢ ᠣᠷᠣᠯᠴᠠᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 20 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤ᠌ ᠶᠣᠣ ᠪᠠᠩ ᠨᠥᠬᠥᠷ᠎ᠦᠨ ᠮᠡᠨᠳᠦᠯᠡᠭ᠌ᠰᠡᠨ 110 ᠵᠢᠯ᠎ᠦᠨ ᠣᠶ᠎ᠶ᠋ᠢ ᠳᠤᠷᠠᠰᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠵᠤ᠂ ᠬ᠍ᠤ᠌ ᠶᠣᠣ ᠪᠠᠩ ᠨᠥᠬᠥᠷ᠎ᠦᠨ ᠡᠷᠬᠢᠮ ᠳᠡᠭᠡᠳᠦ ᠵᠣᠷᠢᠭ ᠰᠠᠨᠠᠭᠠᠨ᠎ᠤ ᠬᠡᠪ ᠨᠠᠮᠪᠠ ᠪᠣᠯᠤᠨ ᠱᠢᠯᠢᠳᠡᠭ ᠰᠤᠷᠲᠠᠯ᠎ᠢ ᠨᠠᠷᠢᠨ ᠬᠢᠨᠠᠮᠠᠭᠠᠢ ᠰᠤᠷᠤᠯᠴᠠᠵᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠵᠤ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠡᠯ᠎ᠡ ᠵᠦᠢᠯ᠎ᠦᠨ ᠦᠢᠯᠡᠰ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠼᠠᠢ ᠴᠢ ᠶᠠᠷᠢᠯᠴᠠᠬᠤ ᠬᠤᠷᠠᠯ᠎ᠢ ᠡᠷᠬᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠯᠢ ᠰᠢ ᠶᠠᠷᠢᠯᠴᠠᠬᠤ ᠬᠤᠷᠠᠯ᠎ᠳᠤ ᠣᠷᠣᠯᠴᠠᠪᠠ᠃

11 ᠰᠠᠷ᠎ᠠ ᠵᠢᠨ 20 ᠤ ᠡᠳᠤᠷ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠡᠭᠡᠵᠢᠩ ᠤ᠋ᠨ ᠠᠷᠠᠳ ᠤ᠋ᠨ ᠶᠡᠭᠡ ᠬᠤᠷᠠᠯ᠎ᠤᠨ ᠲᠠᠩᠬᠢᠮ᠎ᠳᠤ ᠬᠤ᠌ ᠶᠣᠣ ᠪᠠᠩ ᠨᠥᠬᠥᠷ᠎ᠦᠨ ᠮᠡᠨᠳᠦᠯᠡᠭ᠌ᠰᠡᠨ 110 ᠵᠢᠯ᠎ᠦᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ᠎ᠵᠢᠨ᠎ᠫᠢᠩ᠂ ᠼᠠᠢ ᠴᠢ᠂ ᠯᠢ ᠰᠢ ᠨᠠᠷ ᠶᠠᠷᠢᠯᠴᠠᠬᠤ ᠬᠤᠷᠠᠯ ᠳ᠋ᠤ ᠤᠷᠤᠯᠴᠠᠪᠠ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠬᠴᠢ ᠰᠢᠶᠸ ᠬᠤᠸᠠᠨ ᠤ᠋ᠣᠢ ᠰᠡᠬᠦᠳᠡᠷᠯᠡᠪᠡ
ᠰᠢ᠎ᠵᠢᠨ᠎ᠫᠢᠩ ᠶᠠᠷᠢᠶᠠᠨ᠎ᠳᠠᠭᠠᠨ ᠬᠤ᠌ ᠶᠣᠣ ᠪᠠᠩ ᠨᠥᠬᠥᠷ᠎ᠦᠨ ᠭᠡᠷᠡᠯ ᠰᠠᠴᠤᠷᠠᠩᠭᠤᠶ ᠨᠢᠭᠡ ᠨᠠᠰᠤ ᠪᠠ ᠭᠠᠷᠮᠠᠭᠠᠶ ᠬᠤᠪᠢ ᠨᠡᠮᠡᠷᠢ᠎ᠶ᠋ᠢ ᠡᠷᠭᠢᠴᠡᠭᠦᠯᠪᠡ᠃ ᠲᠡᠷᠡ᠂ ᠬᠤ᠌ ᠶᠣᠣ ᠪᠠᠩ ᠨᠥᠬᠥᠷ ᠪᠣᠯ ᠤᠷᠲᠤ ᠬᠤᠭᠤᠴᠠᠭᠠᠨ᠎ᠤ ᠱᠢᠯᠭᠠᠯᠲᠠ᠎ᠶ᠋ᠢ ᠥᠩᠭᠡᠷᠡᠭᠡᠭ᠌ᠰᠡᠨ ᠡᠪ ᠬᠠᠮᠲᠤ ᠶᠣᠰᠣᠨ᠎ᠤ ᠱᠢᠳᠤᠷᠭᠤ ᠪᠠᠢᠯᠳᠤᠭ᠍ᠴᠢ᠂ ᠠᠭᠤᠤ ᠶᠡᠬᠡ ᠦᠭᠡᠢᠭᠦᠦ ᠠᠩᠭᠢ᠎ᠶ᠋ᠢᠨ ᠬᠤᠪᠢᠰᠭᠠᠯᠴᠢ᠂ ᠤᠯᠤᠰ ᠲᠦᠷᠦᠴᠢᠨ᠂ ᠮᠠᠨ᠎ᠤ ᠴᠡᠷᠢᠭ᠎ᠦᠨ ᠭᠠᠷᠮᠠᠭᠠᠢ ᠤᠯᠤᠰ ᠲᠦᠷᠦ᠍᠎ᠶ᠋ᠢᠨ ᠠᠵᠢᠯᠲᠠᠨ᠂ ᠨᠠᠮ᠎ᠤᠨ ᠴᠢᠬᠤᠯᠠ ᠤᠳᠤᠷᠢᠳᠭᠤ ᠲᠤᠱᠢᠶᠠᠯ᠎ᠢ ᠤᠷᠲᠤ ᠬᠤᠭᠤᠴᠠᠭ᠎ᠠ᠎ᠪᠠᠷ ᠡᠭᠦᠷᠭᠡᠯᠡᠭ᠌ᠰᠡᠨ ᠭᠠᠷᠮᠠᠭᠠᠢ ᠤᠳᠤᠷᠢᠳᠭᠤ ᠬᠥᠮᠦᠨ ᠮᠥᠨ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠴᠢᠯᠥᠭᠡᠯᠡᠯᠲᠡ᠂ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠪᠠᠯᠠᠷᠠᠰᠢ ᠦᠭᠡᠢ ᠭᠠᠪᠢᠶ᠎ᠠ ᠪᠠᠢᠭᠤᠯᠤᠭᠰᠠᠨ ᠶᠤᠮ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠬ᠍ᠤ᠌ ᠶᠣᠣ ᠪᠠᠩ ᠨᠥᠬᠥᠷ ᠠᠯᠤᠰ ᠬᠡᠳᠦ᠍᠎ᠶ᠋ᠢᠨ ᠬᠦᠰᠡᠯᠡᠩ᠎ᠲᠠᠶ ᠪᠠᠢᠵᠤ᠂ ᠡᠪ ᠬᠠᠮᠲᠤ ᠶᠣᠰᠣᠨ᠎ᠤ ᠲᠥᠯᠥᠭᠡ ᠴᠥᠬᠥᠷᠡᠰᠢ ᠦᠭᠡᠢ ᠲᠡᠮᠡᠴᠡᠬᠦ᠌ ᠤᠷᠲᠤ ᠬᠤᠭᠤᠴᠠᠭᠠᠨ᠎ᠤ ᠦᠢᠯᠡᠳᠦᠯᠭᠡ᠎ᠶᠢᠨ ᠳᠤᠮᠳᠠ ᠱᠢᠨᠲᠠᠷᠠᠰᠢ ᠦᠭᠡᠢ ᠬᠤᠪᠢᠰᠭᠠᠯᠲᠤ ᠵᠣᠷᠢᠭ ᠰᠠᠨᠠᠭ᠎ᠠ᠎ᠪᠠᠨ ᠢᠯᠡᠷᠡᠭᠦᠯᠪᠡ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠬᠦᠰᠡᠯᠡᠩ ᠢᠲᠡᠭᠡᠯ ᠵᠣᠷᠢᠭ᠎ᠢᠶᠠᠨ ᠪᠠᠲᠤᠳᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠠᠯᠤᠰ ᠬᠡᠳᠦ᠍᠎ᠶ᠋ᠢᠨ ᠬᠦᠰᠡᠯᠡᠩ ᠪᠠ ᠬᠠᠮᠲᠤ᠎ᠶ᠋ᠢᠨ ᠬᠦᠰᠡᠯᠡᠩ᠎ᠢᠶᠡᠨ ᠪᠡᠶᠡᠯᠡᠭᠦᠯᠬᠦ᠌᠎ᠶ᠋ᠢᠨ ᠲᠥᠯᠥᠭᠡ ᠡᠷᠡᠯᠬᠡᠭ᠌ᠯᠡᠨ ᠲᠡᠮᠡᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠬ᠍ᠤ ᠶᠣᠣ ᠪᠠᠩ ᠨᠥᠬᠥᠷ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠭᠦ᠎ᠶ᠋ᠢ ᠴᠢᠬᠤᠯᠠᠴᠢᠯᠠᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠪᠠ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠤᠨ ᠰᠠᠮᠠᠭᠤᠷᠠᠯ᠎ᠢ ᠵᠠᠰᠠᠮᠵᠢᠯᠠᠨ ᠵᠦᠪ ᠵᠠᠮ᠎ᠳᠤ ᠤᠷᠤᠭᠤᠯᠬᠤ᠎ᠵᠢ ᠪᠡᠶᠡᠯᠡᠭᠦᠯᠬᠦ᠌᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠦᠨᠡᠨ ᠶᠣᠰᠣ᠎ᠶ᠋ᠢ ᠬᠥᠭᠡᠭᠡᠴᠡᠯᠳᠦᠵᠦ᠍᠂ ᠤᠬᠠᠮᠰᠠᠷ᠎ᠡᠴᠡ᠎ᠪᠠᠨ ᠨᠠᠮ᠎ᠤᠨ ᠱᠢᠨ᠎ᠡ ᠡᠭᠦᠳᠦᠯᠲᠡ᠎ᠶᠢᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠢ ᠠᠬᠢᠭᠤᠯᠬᠤ ᠠᠭᠤᠤ ᠶᠡᠬᠡ ᠦᠢᠯᠡᠳᠦᠯᠭᠡ ᠳᠤᠮᠳᠠ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨ᠎ᠢ ᠲᠠᠰᠤᠷᠠᠯᠳᠠ ᠦᠭᠡᠢ ᠢᠯᠡᠷᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠬ᠍ᠤ ᠶᠣᠣ ᠪᠠᠩ ᠨᠥᠬᠥᠷ ᠥᠭᠡᠷᠡᠴᠢᠯᠡᠯᠲᠡ ᠨᠡᠭᠡᠭᠡᠯᠲᠡ᠎ᠶ᠋ᠢ ᠢᠳᠡᠪᠬᠢᠲᠡᠢ ᠰᠠᠨᠠᠭᠠᠴᠢᠯᠠᠨ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠶᠡᠬᠡ ᠬᠡᠮᠵᠢᠶᠡᠨ᠎ᠦ ᠤᠶᠤᠨ ᠤᠬᠠᠭᠠᠨ ᠬᠦᠴᠦ᠍ ᠬᠥᠳᠡᠯᠮᠦᠷᠢ ᠵᠠᠷᠤᠴᠠᠭᠤᠯᠪᠠ᠃ ᠪᠦᠬᠦ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠴᠠᠭ ᠦᠶ᠎ᠡ᠎ᠶ᠋ᠢᠨ ᠤᠷᠤᠰᠭᠠᠯ᠎ᠤᠨ ᠡᠮᠦᠨ᠎ᠡ ᠵᠣᠷᠢᠭ᠍ᠲᠠᠢ ᠵᠣᠭ᠍ᠰᠣᠵᠤ᠂ ᠡᠷᠡᠰ ᠱᠢᠭᠤᠷᠬᠠᠢ᠎ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠢ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ ᠴᠢᠩᠭᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠬᠤ᠌ ᠶᠣᠣ ᠪᠠᠩ ᠨᠥᠬᠥᠷ᠎ᠦᠨ ᠠᠷᠠᠳ ᠲᠦᠮᠡᠨ᠎ᠢᠶᠡᠨ ᠭᠡᠰᠡᠨ ᠬᠠᠢᠷ᠎ᠠ ᠰᠡᠳᠭᠢᠯᠭᠡ ᠴᠢᠩ ᠦᠨᠡᠨᠴᠢ ᠭᠦᠨ ᠵᠤᠵᠠᠭᠠᠨ ᠪᠠᠢᠵᠤ᠂ ᠠᠵᠤ ᠠᠬᠤᠢ᠎ᠪᠠᠨ ᠬᠥᠭ᠌ᠵᠢᠭᠦᠯᠬᠦ᠌᠂ ᠠᠷᠠᠳ ᠲᠦᠮᠡᠨ᠎ᠢ ᠠᠯᠢ ᠲᠦᠷᠭᠡᠨ᠎ᠢᠶᠡᠷ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠡᠬᠡ ᠬᠡᠮᠵᠢᠶᠡᠨ᠎ᠦ ᠪᠣᠳᠠᠲᠤ ᠶᠠᠪᠤᠳᠠᠯ ᠰᠠᠢ᠌ᠨ ᠶᠠᠪᠤᠳᠠᠯ ᠬᠢᠵᠡᠢ᠃ ᠪᠥᠬᠥ᠌ ᠨᠠᠮ᠎ᠤᠨ ᠨᠥᠬᠥᠳ ᠲᠡᠭᠦᠨ᠎ᠲᠡᠶ ᠠᠳᠠᠯᠢ᠎ᠪᠠᠷ ᠢᠮᠠᠭ᠍ᠲᠠ ᠠᠷᠠᠳ ᠲᠦᠮᠡᠨ᠎ᠢ ᠪᠤᠳᠤᠵᠤ᠂ ᠠᠱᠢᠭ ᠲᠤᠰᠠ᠎ᠶ᠋ᠢ ᠠᠷᠠᠳ ᠲᠦᠮᠡᠨ᠎ᠳᠤ ᠣᠯᠭᠣᠬᠤ᠎ᠶ᠋ᠢ ᠪᠡᠶᠡᠯᠡᠭᠦᠯᠵᠦ᠍᠂ ᠨᠠᠮ᠎ᠤᠨ ᠦᠨᠳᠦᠰᠦᠨ ᠵᠣᠷᠢᠯᠲᠠ᠎ᠶ᠋ᠢ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠯᠠᠪᠳᠠᠭᠤᠨ ᠪᠠᠲᠤᠲᠠᠶ ᠲᠡᠮᠡᠴᠡᠬᠦ᠌᠎ᠪᠡᠷ ᠳᠠᠮᠵᠢᠨ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠬᠤ᠌ ᠶᠣᠣ ᠪᠠᠩ ᠨᠥᠬᠥᠷ ᠨᠠᠮ᠎ᠤᠨ ᠰᠤᠷᠲᠠᠯ᠎ᠢ ᠲᠥᠪ ᠪᠣᠯᠭᠠᠬᠤ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠨᠠᠮ᠎ᠤᠨ ᠱᠢᠯᠢᠳᠡᠭ ᠤᠯᠠᠮᠵᠢᠯᠠᠯ ᠪᠣᠯᠤᠨ ᠰᠤᠷᠲᠠᠯ᠎ᠢ ᠪᠠᠳᠠᠷᠠᠭᠤᠯᠬᠤ᠎ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠦᠵᠡᠭᠦᠯᠪᠡ᠃ ᠪᠦᠬᠦ᠌ ᠨᠠᠮ᠎ᠤᠨ ᠨᠥᠬᠥᠳ ᠢᠯᠠᠩᠭᠤᠶ᠎ᠠ ᠤᠳᠤᠷᠢᠳᠭᠤ ᠺᠠᠳ᠋ᠷᠴᠤᠳ ᠲᠡᠭᠦᠨ᠎ᠲᠡᠶ ᠠᠳᠠᠯᠢ᠎ᠪᠠᠷ ᠲᠥᠪ ᠰᠤᠷᠲᠠᠯ᠎ᠲᠠᠶ ᠪᠠᠢᠵᠤ᠂ ᠬᠡᠵᠢᠶᠡᠳᠡ ᠪᠡᠶ᠎ᠡ᠎ᠪᠡᠷ᠎ᠢᠶᠡᠨ ᠬᠡᠪ ᠲᠦᠷᠢᠮ ᠪᠤᠯᠵᠤ᠂ ᠲᠥᠪ ᠤ᠋ᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠢᠨᠳᠠᠷᠠᠰᠢ ᠦᠭᠡᠢ ᠴᠢᠷᠮᠠᠢᠨ ᠨᠠᠢᠳᠠᠪᠤᠷᠢᠵᠢᠭᠤᠯᠵᠤ᠂ ᠲᠥᠪ ᠪᠤᠰᠤ ᠰᠤᠷᠲᠠᠯ ᠪᠠ ᠢᠯᠵᠢᠷᠠᠮᠠᠯ ᠦᠵᠡᠭ᠌ᠳᠡᠯ᠎ᠢ ᠡᠷᠡᠰ ᠡᠰᠡᠷᠭᠦᠴᠡᠨ ᠬᠣᠷᠢᠭ᠍ᠯᠠᠵᠤ᠂ ᠡᠪ ᠬᠠᠮᠲᠤᠴᠤᠳ᠎ᠤᠨ ᠲᠥᠪ ᠭᠣᠣᠯᠴᠢ ᠠᠷᠢᠭᠤᠨ ᠴᠢᠬᠡᠴᠢ ᠤᠯᠤᠰ ᠲᠦᠷᠦ᠍᠎ᠶ᠋ᠢᠨ ᠤᠤᠷ ᠴᠢᠨᠠᠷ᠎ᠢᠶᠠᠨ ᠢᠮᠠᠭ᠍ᠲᠠ ᠬᠠᠳᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠼᠠᠢ ᠴᠢ ᠶᠠᠷᠢᠯᠴᠠᠬᠤ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠨᠢ ᠬᠤ᠌ ᠶᠣᠣ ᠪᠠᠩ ᠨᠥᠬᠥᠷ᠎ᠦᠨ ᠨᠠᠮ ᠪᠣᠯᠤᠨ ᠠᠷᠠᠳ ᠲᠦᠮᠡᠨ᠎ᠳᠦ ᠪᠠᠢᠭᠤᠯᠤᠭ᠍ᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠡᠷᠭᠢᠴᠡᠭᠦᠯᠵᠦ᠍᠂ ᠪᠦᠬᠦ᠌ ᠨᠠᠮ᠎ᠤᠨ ᠨᠥᠬᠥᠳ᠎ᠢ ᠬᠤ᠌ ᠶᠣᠣ ᠪᠠᠩ ᠨᠥᠬᠥᠷ᠎ᠦᠨ ᠡᠷᠬᠢᠮ ᠳᠡᠭᠡᠳᠦ ᠵᠣᠷᠢᠭ ᠰᠠᠨᠠᠭᠠᠨ᠎ᠤ ᠬᠡᠪ ᠨᠠᠮᠪᠠ ᠪᠣᠯᠤᠨ ᠱᠢᠯᠢᠳᠡᠭ ᠰᠤᠷᠲᠠᠯ᠎ᠢ ᠰᠤᠷᠤᠯᠴᠠᠬᠤ᠎ᠶ᠋ᠢ ᠤᠷᠢᠶᠠᠯᠠᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠵᠢᠯᠣᠭᠣᠳᠭᠤ ᠴᠢᠨᠠᠷᠲᠠᠶ ᠪᠣᠯᠵᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠵᠡᠭᠡᠶ᠎ᠡ ᠭᠡᠵᠦ ᠬᠡᠯᠡᠪᠡ᠃
ᠶᠠᠷᠢᠯᠴᠠᠬᠤ ᠬᠤᠷᠠᠯ ᠳᠡᠭᠡᠷ᠎ᠡ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠢᠦᠢ ᠴᠢᠩ ᠱᠠᠨ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠦᠨ ᠡᠳᠦᠷ ᠳᠤᠳᠤᠮ᠎ᠤᠨ ᠠᠵᠢᠯ᠎ᠢ ᠬᠠᠮᠢᠶᠠᠷᠴᠤ᠌ ᠪᠠᠢᠭ᠎ᠠ ᠳᠡᠳ᠋ ᠳᠠᠷᠤᠭ᠎ᠠ ᠬᠤᠸᠠᠩ ᠵᠢᠶᠠᠨ ᠹᠠ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠡᠳᠦᠷ ᠳᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠵᠠᠬᠢᠷᠤᠯ ᠱᠢᠶ᠍ᠸ ᠴᠦᠨ ᠲᠤᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠤᠷᠢᠶ᠎ᠠ᠎ᠶᠢᠨ ᠱᠦᠵᠢ᠎ᠨᠡᠷ᠎ᠦᠨ ᠭᠠᠵᠠᠷ᠎ᠤᠨ ᠨᠢᠭᠡᠳᠦᠭᠡᠷ ᠱᠦᠵᠢ ᠠ ᠳ᠋ᠦᠩ᠂ ᠬᠤᠨᠠᠨ ᠮᠤᠵᠢ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠱᠸᠨ ᠱᠢᠶᠤᠤ ᠮᠢᠩ ᠤᠷᠢᠳ ᠬᠣᠵᠢᠳ ᠦᠭᠡ ᠬᠡᠯᠡᠪᠡ᠃
ᠱ᠌ᠢ ᠲᠡᠶ ᠹᠸᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠴᠧᠨ ᠸᠸᠨ ᠴᠢᠩ᠂ ᠯᠢᠦ᠍ᠶ᠋ᠢᠨ ᠭᠦᠸᠧ᠂ ᠸᠠᠩ ᠱᠢᠶᠤᠤ ᠬᠣᠩ᠂ ᠵᠠᠩ ᠱᠧᠩ ᠮᠢᠨ ᠶᠠᠷᠢᠯᠴᠠᠬᠤ ᠬᠤᠷᠠᠯ᠎ᠳᠤ ᠣᠷᠣᠯᠴᠠᠪᠠ᠃
ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠤᠨᠠᠨ ᠮᠤᠵᠢ᠎ᠶ᠋ᠢᠨ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ ᠬ᠍ᠤ᠌ ᠶᠣᠣ ᠪᠠᠩ ᠨᠥᠬᠥᠷ᠎ᠦᠨ ᠲᠦᠷᠦᠯ ᠰᠠᠳᠤᠨ᠂ ᠠᠮᠢᠳᠤ ᠰᠡᠷᠡᠭᠦᠨ ᠪᠠᠢᠬᠤ ᠦᠶ᠎ᠡ᠎ᠶ᠋ᠢᠨ ᠰᠠᠢᠨ ᠨᠠᠢᠵᠠ ᠪᠣᠯᠤᠨ ᠨᠤᠲᠤᠭ᠎ᠤᠨ ᠬᠢᠨᠢ ᠲᠥᠯᠥᠭᠡᠯᠡᠭ᠌ᠴᠢᠳ ᠶᠠᠷᠢᠯᠴᠠᠬᠤ ᠬᠤᠷᠠᠯ᠎ᠳᠤ ᠣᠷᠣᠯᠴᠠᠪᠠ᠃
ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ