ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2025-11-25

      11 ᠰᠠᠷ᠎ᠠ᠎ᠶᠢᠨ 24 ᠎ᠤ᠋ ᠣᠷᠣᠢ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠤᠲᠠᠰᠤ᠎ᠪᠠᠷ ᠶᠠᠷᠢᠯᠴᠠᠪᠠ᠃

      ᠰᠢ᠎ᠵᠢᠨ᠎ᠫᠢᠩ᠂ ᠳᠡᠭᠡᠷ᠎ᠡ ᠰᠠᠷ᠎ᠠ ᠪᠢᠳᠡ ᠺᠣᠷᠢᠶᠠ᠎ᠶᠢᠨ ᠪᠦᠰᠠᠨ᠎ᠳᠤ ᠠᠮᠵᠢᠯᠲᠠ᠎ᠲᠠᠢ ᠠᠭᠤᠯᠵᠠᠯᠲᠠ ᠬᠢᠵᠦ᠂ ᠮᠠᠰᠢ ᠣᠯᠠᠨ ᠴᠢᠬᠤᠯᠠ ᠬᠠᠮᠲᠤ᠎ᠶᠢᠨ ᠲᠠᠨᠢᠯᠲᠠ᠎ᠲᠠᠢ ᠪᠣᠯᠵᠤ᠂ ᠳᠤᠮᠳᠠᠳᠤ ᠠᠮᠧᠷᠢᠺᠠ᠎ᠶᠢᠨ ᠬᠠᠷᠢᠯᠴᠠᠭᠠᠨ᠎ᠤ ᠡᠨᠡ ᠬᠦ᠌ ᠲᠣᠮᠣ᠌ ᠬᠥᠯᠭᠡ ᠣᠩᠭᠣᠴᠠ᠎ᠶᠢᠨ ᠯᠠᠪᠳᠠᠭᠤᠨ ᠲᠣᠭᠲᠠᠭᠤᠨ᠎ᠢᠶᠠᠷ ᠤᠷᠤᠭᠰᠢᠯᠠᠬᠤ᠎ᠳᠤ ᠠᠶᠠᠯᠠᠯ᠎ᠤᠨ ᠴᠢᠭᠯᠡᠯ᠎ᠢ ᠤᠨᠤᠪᠴᠢᠯᠠᠵᠤ᠂ ᠬᠥᠳᠡᠯᠭᠡᠬᠦ ᠬᠦᠴᠦᠨ ᠨᠡᠮᠡᠷᠢᠯᠡᠭᠰᠡᠨ ᠪᠥᠭᠡᠳ ᠳᠡᠯᠡᠬᠡᠢ ᠳ᠋ᠠᠬᠢᠨ᠎ᠳᠤ ᠢᠳᠡᠪᠬᠢᠲᠡᠢ ᠳᠣᠬᠢᠶ᠎ᠠ ᠳᠠᠮᠵᠢᠭᠤᠯᠪᠠ᠃ ᠪᠦᠰᠠᠨ᠎ᠤ ᠠᠭᠤᠯᠵᠠᠯᠲᠠ᠎ᠡᠴᠡ ᠨᠠᠭᠠᠰᠢ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠶᠡᠷᠦᠩᠬᠡᠢ᠎ᠳᠡᠭᠡᠨ ᠲᠣᠭᠲᠠᠭᠤᠨ᠎ᠤ ᠲᠤᠮᠳᠠ ᠰᠠᠢᠵᠢᠷᠠᠵᠤ᠂ ᠬᠣᠶᠠᠷ ᠤᠯᠤᠰ ᠪᠣᠯᠣᠨ ᠳᠡᠯᠡᠬᠡᠢ ᠨᠡᠢᠭᠡᠮ᠎ᠦᠨ ᠨᠡᠢᠳᠡᠮ᠎ᠦᠨ ᠬᠦᠷᠢᠶᠡᠯᠡᠯ᠎ᠢ ᠤᠯᠪᠠ᠂ ᠳᠤᠮᠳᠠᠳᠤ ᠠᠮᠧᠷᠢᠺᠠ 《ᠬᠠᠮᠲᠤᠷᠠᠯᠴᠠᠪᠠᠯ ᠬᠠᠷᠢᠯᠴᠠᠨ ᠠᠰᠢᠭ᠍ᠲᠠᠢ᠂ ᠲᠡᠮᠡᠴᠡᠯᠳᠦᠪᠡᠯ ᠴᠦᠮ᠎ᠢᠶᠡᠷ ᠬᠤᠬᠢᠷᠠᠬᠤ》 ᠭᠡᠳᠡᠭ ᠨᠢ ᠦᠢᠯᠡᠳᠦᠯᠭᠡ᠎ᠪᠡᠷ ᠲᠠᠬᠢᠨ ᠳᠠᠪᠲᠠᠨ ᠰᠢᠯᠭᠠᠨ ᠪᠠᠲᠤᠯᠠᠭᠰᠠᠨ ᠶᠡᠷᠦ᠎ᠶᠢᠨ ᠮᠡᠳᠡᠯᠭᠡ ᠪᠣᠯᠣᠨ᠎ᠠ᠂ ᠳᠤᠮᠳᠠᠳᠤ ᠠᠮᠧᠷᠢᠺᠠ᠎ᠶᠢᠨ 《ᠬᠠᠷᠢᠯᠴᠠᠨ ᠠᠮᠵᠢᠯᠲᠠ ᠣᠯᠬᠤ᠂ ᠬᠠᠮᠲᠤ ᠪᠠᠷ ᠴᠡᠴᠡᠭᠯᠡᠨ ᠬᠥᠭᠵᠢᠬᠦ》 ᠪᠣᠯ ᠨᠢᠳᠦᠨ᠎ᠳᠦ ᠦᠵᠡᠭᠳᠡᠵᠦ᠂ ᠭᠠᠷ᠎ᠲᠤ ᠪᠠᠷᠢᠭ᠍ᠳᠠᠮ᠎ᠠ ᠪᠣᠳᠠᠲᠤ ᠦᠵᠡᠭᠳᠡᠯ ᠪᠤᠯᠬᠤ᠎ᠶᠢ ᠪᠣᠳᠠᠲᠤ ᠶᠠᠪᠤᠳᠠᠯ ᠳᠠᠬᠢᠨᠲᠠ ᠲᠣᠳᠣᠷᠬᠠᠢᠯᠠᠪᠠ᠃ ᠬᠣᠶᠠᠷ ᠲᠠᠯ᠎ᠠ᠎ᠪᠠᠷ᠎ᠢᠶᠠᠨ ᠡᠨᠡ ᠬᠦ᠌ ᠬᠠᠨᠳᠤᠰᠢ᠎ᠶᠢ ᠪᠠᠷᠢᠮᠲᠠᠯᠠᠵᠤ᠂ ᠵᠥᠪ ᠴᠢᠭᠯᠡᠯ᠎ᠢ ᠪᠠᠷᠢᠮᠲᠠᠯᠠᠵᠤ᠂ ᠡᠷᠬᠡ ᠲᠡᠭᠰᠢ᠂ ᠬᠦᠨᠳᠦᠳᠬᠡᠬᠦ᠂ ᠬᠠᠷᠢᠯᠴᠠᠨ ᠠᠰᠢᠭ᠍ᠲᠠᠢ ᠪᠠᠢᠬᠤ ᠣᠪᠣᠷ᠎ᠢ ᠪᠠᠷᠢᠮᠲᠠᠯᠠᠵᠤ᠂ ᠬᠠᠮᠲᠤᠷᠠᠯᠴᠠᠭᠠᠨ᠎ᠤ ᠨᠠᠷᠢᠨ ᠲᠠᠩᠰᠠ᠎ᠶᠢ ᠤᠷᠲᠤᠳᠬᠠᠨ᠂ ᠠᠰᠠᠭᠤᠳᠠᠯ᠎ᠤᠨ ᠨᠠᠷᠢᠨ ᠲᠠᠩᠰᠠ᠎ᠶᠢ ᠪᠠᠭᠠᠰᠬᠠᠵᠤ᠂ ᠨᠡᠩ ᠤᠯᠠᠨ ᠢᠳᠡᠪᠬᠢᠲᠡᠢ ᠠᠬᠢᠴᠠ᠎ᠲᠠᠢ ᠪᠣᠯᠬᠤ᠎ᠪᠠᠷ ᠴᠢᠷᠮᠠᠢᠵᠤ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠳᠤ ᠰᠢᠨ᠎ᠡ ᠬᠠᠮᠲᠤᠷᠠᠯᠴᠠᠭᠠᠨ᠎ᠤ ᠣᠷᠣᠨ ᠵᠠᠢ᠎ᠶᠢ ᠨᠡᠭᠡᠭᠡᠨ ᠥᠭᠴᠦ᠂ ᠬᠣᠶᠠᠷ ᠤᠯᠤᠰ᠎ᠤᠨ ᠠᠷᠠᠳ ᠲᠦᠮᠡᠨ ᠪᠣᠯᠣᠨ ᠳᠡᠯᠡᠬᠡᠢ᠎ᠶᠢᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠶ᠎ᠡ ᠭᠡᠵᠤ ᠵᠢᠭᠠᠵᠤ ᠭᠠᠷᠭᠠᠪᠠ᠃

      ᠰᠢ᠎ᠵᠢᠨ᠎ᠫᠢᠩ ᠳᠤᠮᠳᠠᠳᠤ᠎ᠶ᠋ᠢᠨ ᠲᠠᠯ᠎ᠠ᠎ᠶ᠋ᠢᠨ ᠲᠠᠢᠸᠠᠨ᠎ᠤ ᠠᠰᠠᠭᠤᠳᠠᠯ᠎ᠳᠡᠬᠢ ᠵᠠᠷᠴᠢᠮ ᠵᠣᠭ᠍ᠰᠣᠯᠲᠠ᠎ᠪᠠᠨ ᠲᠣᠳᠣᠷᠬᠠᠢᠯᠠᠵᠤ᠂ ᠲᠠᠢᠸᠠᠨ ᠳᠤᠮᠳᠠᠳᠤ ᠤᠯᠤᠰ᠎ᠲᠤ ᠪᠤᠴᠠᠵᠤ ᠢᠷᠡᠬᠦ ᠪᠣᠯ ᠲᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ ᠳᠤᠮᠳᠠᠳᠤ ᠠᠮᠧᠷᠢᠺᠠ ᠮᠥᠷᠥ᠍ ᠵᠡᠷᠭᠡᠴᠡᠨ ᠹᠠᠱ᠌ᠢᠰ ᠪᠣᠯᠤᠨ ᠴᠡᠷᠢᠭ᠌ᠯᠡᠬᠦ᠌ ᠦᠵᠡᠯ᠎ᠢ ᠡᠰᠡᠷᠭᠦᠴᠡᠵᠦ᠍ ᠥᠩᠭᠡᠷᠡᠭ᠌ᠰᠡᠨ ᠶᠤᠮ᠂ ᠣᠳᠣᠬᠠᠨ᠎ᠳᠤ ᠨᠡᠩ ᠴᠤ᠌ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠢ ᠰᠠᠢᠲᠤᠷ ᠬᠠᠮᠠᠭᠠᠯᠠᠪᠠᠯ ᠵᠤᠬᠢᠨ᠎ᠠ ᠭᠡᠵᠦ ᠴᠢᠬᠤᠯᠠᠴᠢᠯᠠᠪᠠ᠃

      ᠲᠸᠷᠠᠮᠫᠦ᠋᠂ ᠲᠡᠷᠢᠭᠦᠯᠡᠭ᠌ᠴᠢ ᠰᠢ᠎ᠵᠢᠨ᠎ᠫᠢᠩ ᠪᠣᠯ ᠠᠭᠤᠤ ᠶᠡᠬᠡ ᠤᠳᠤᠷᠢᠳᠭᠤ ᠬᠥᠮᠦᠨ ᠮᠥᠨ᠃ ᠪᠢ ᠲᠡᠷᠢᠭᠦᠯᠡᠭ᠌ᠴᠢ ᠰᠢ᠎ᠵᠢᠨ᠎ᠫᠢᠩ᠎ᠲᠡᠢ ᠪᠦᠰᠠᠨ᠎ᠳᠦ ᠠᠭᠤᠯᠵᠠᠭ᠍ᠰᠠᠨ᠎ᠳᠠᠭᠠᠨ ᠮᠠᠰᠢ ᠪᠠᠶᠠᠷ ᠲᠠᠢ ᠪᠠᠢᠨ᠎ᠠ᠂ ᠬᠣᠶᠠᠷ ᠤᠯᠤᠰ᠎ᠤᠨ ᠬᠠᠷᠢᠯᠴᠠᠭᠠᠨ᠎ᠤ ᠲᠤᠬᠠᠢ ᠲᠠᠨ᠎ᠤ ᠦᠵᠡᠯᠲᠡ᠎ᠶ᠋ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠪᠦᠰᠠᠨ᠎ᠤ ᠠᠭᠤᠯᠵᠠᠯᠲᠠ᠎ᠳᠤ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ ᠪᠤᠢ᠃ ᠳᠤᠮᠳᠠᠳᠤ ᠤᠯᠤᠰ ᠲᠤᠬᠠᠢ᠎ᠶ᠋ᠢᠨ ᠵᠢᠯ᠎ᠳᠦ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠢᠯᠠᠯᠲᠠ ᠤᠯᠬᠤ᠎ᠳᠤ ᠴᠢᠬᠤᠯᠠ ᠦᠢᠯᠡᠳᠦᠯ ᠦᠵᠡᠭᠦᠯᠪᠡ᠂ ᠠᠮᠧᠷᠢᠺᠠ᠎ᠶ᠋ᠢᠨ ᠲᠠᠯ᠎ᠠ᠎ᠶ᠋ᠢᠨ ᠬᠢᠨ ᠲᠠᠢᠸᠠᠨ᠎ᠤ ᠠᠰᠠᠭᠤᠳᠠᠯ᠎ᠤᠨ ᠳᠤᠮᠳᠠᠳᠤ ᠤᠯᠤᠰ᠎ᠲᠤ ᠦᠵᠡᠭᠦᠯᠬᠦ᠌ ᠴᠢᠬᠤᠯᠠ ᠴᠢᠨᠠᠷ᠎ᠢ ᠣᠢᠯᠠᠭᠠᠵᠤ ᠪᠠᠢᠨ᠎ᠠ ᠭᠡᠵᠦ ᠢᠯᠡᠳᠭᠡᠪᠡ᠃

     ᠬᠣᠶᠠᠷ ᠤᠯᠤᠰ᠎ᠤᠨ ᠲᠡᠷᠢᠭᠦᠨ ᠪᠠᠰᠠ ᠦᠺᠷᠠᠢᠨ᠎ᠤ ᠬᠢᠮᠤᠷᠠᠯ᠎ᠤᠨ ᠲᠤᠬᠠᠶ ᠶᠠᠷᠢᠯᠴᠠᠪᠠ᠃ ᠰᠢ᠎ᠵᠢᠨ᠎ᠫᠢᠩ᠂ ᠳᠤᠮᠳᠠᠳᠤ ᠤᠯᠤᠰ ᠡᠩᠬᠡ ᠲᠠᠢᠪᠤᠩ᠎ᠤᠨ ᠲᠥᠯᠥᠭᠡ ᠴᠢᠷᠮᠠᠢᠵᠤ ᠪᠠᠢᠭ᠎ᠠ ᠠᠯᠢᠪᠠ ᠴᠢᠷᠮᠠᠢᠯᠭ᠎ᠠ᠎ᠶ᠋ᠢ ᠳᠡᠮᠵᠢᠨ᠎ᠡ᠂ ᠡᠯ᠎ᠡ ᠲᠠᠯ᠎ᠠ᠎ᠶ᠋ᠢᠨ᠎ᠬᠢᠨ ᠵᠥᠷᠢᠯᠳᠦᠭᠡᠨ᠎ᠢᠶᠡᠨ ᠲᠠᠰᠤᠷᠠᠯᠲᠠ ᠥᠬᠡᠶ ᠪᠠᠭᠠᠰᠭᠠᠵᠤ᠂ ᠡᠷᠲᠡ ᠨᠢᠭᠡ ᠡᠳᠦᠷ ᠡᠷᠬᠡ ᠲᠡᠭ᠌ᠰᠢ᠂ ᠥᠨᠢ ᠤᠳᠠᠭᠠᠨ᠂ ᠬᠢᠵᠠᠭᠠᠷᠯᠠᠬᠤ ᠬᠦᠴᠦᠨ᠎ᠲᠡᠶ ᠨᠠᠢᠷᠠᠮᠳᠠᠯ᠎ᠤᠨ ᠵᠥᠪᠯᠡᠯᠴᠡᠭᠡᠷ ᠲᠣᠭ᠍ᠲᠠᠵᠤ᠂ ᠡᠨᠡ ᠬᠦ᠌ ᠬᠢᠮᠤᠷᠠᠯ᠎ᠢ ᠦᠨᠳᠦᠰᠦ᠎ᠡᠴᠡ᠎ᠨᠢ ᠱᠢᠶ᠋ᠳᠪᠦᠷᠢᠯᠡᠬᠦ᠌᠎ᠶ᠋ᠢ ᠬᠦᠰᠡᠵᠦ᠍ ᠪᠠᠢᠨ᠎ᠠ ᠭᠡᠵᠦ ᠴᠢᠬᠤᠯᠠᠴᠢᠯᠠᠪᠠ᠃

      ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 24 ᠎ᠤ᠋ ᠴᠠᠬᠢᠯᠭᠠᠨ ᠮᠡᠳᠡᠭᠡ

ᠢᠷᠡᠯᠲᠡ᠄       