ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠡᠢ ᠪᠦᠰᠠᠨ᠎ᠳᠤ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2025-10-31

      ᠲᠤᠬᠠᠢ᠎ᠶᠢᠨ ᠭᠠᠵᠠᠷ᠎ᠤᠨ ᠴᠠᠭ᠎ᠢᠶᠠᠷ 10 ᠰᠠᠷ᠎ᠠ᠎ᠶᠢᠨ 30 ᠎ᠤ ᠡᠳᠦᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠦᠰᠡᠨ᠎ᠳᠤ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠠᠭᠤᠯᠵᠠᠯᠲᠠ ᠬᠢᠪᠡ᠃

      ᠲᠤᠬᠠᠢ᠎ᠶᠢᠨ ᠭᠠᠵᠠᠷ᠎ᠤᠨ ᠴᠠᠭ᠎ᠢᠶᠠᠷ 10 ᠰᠠᠷ᠎ᠠ᠎ᠶᠢᠨ 30 ᠎ᠤ ᠡᠳᠦᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠦᠰᠡᠨ᠎ᠳᠤ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠠᠭᠤᠯᠵᠠᠯᠲᠠ ᠬᠢᠪᠡ᠃

      ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ

      ᠰᠢ᠎ᠵᠢᠨ᠎ᠫᠢᠩ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠪᠢᠳᠡᠨ᠎ᠦ ᠬᠠᠮᠲᠤ᠎ᠶᠢᠨ ᠳᠠᠭᠠᠭᠤᠯᠭ᠎ᠠ ᠳᠣᠣᠷ᠎ᠠ᠂ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠪᠠ᠃ ᠬᠣᠶᠠᠷ ᠤᠯᠤᠰ ᠬᠠᠨᠢᠲᠠᠨ ᠪᠣᠯᠬᠤ᠂ ᠨᠠᠢᠵᠠ ᠪᠣᠯᠬᠤ ᠪᠣᠯ ᠲᠡᠦᠬᠡ᠎ᠶᠢᠨ ᠰᠡᠩᠬᠡᠷᠡᠭᠦᠯᠦᠯ ᠮᠥᠨ᠂ ᠪᠠᠰᠠ ᠴᠤ᠌ ᠪᠣᠳᠠᠲᠤ ᠬᠡᠷᠡᠭᠴᠡᠭᠡ ᠮᠥᠨ᠃ ᠬᠣᠶᠠᠷ ᠤᠯᠤᠰ᠎ᠤᠨ ᠤᠯᠤᠰ᠎ᠤᠨ ᠪᠠᠢᠳᠠᠯ ᠠᠳᠠᠯᠢ ᠦᠭᠡᠢ ᠪᠣᠯᠬᠣᠷ ᠵᠥᠷᠢᠯᠳᠦᠭᠡᠨ᠎ᠲᠠᠢ ᠪᠠᠢᠬᠤ ᠨᠢ ᠵᠠᠢᠯᠠᠰᠢ ᠦᠭᠡᠢ᠂ ᠳᠡᠯᠡᠬᠡᠢ᠎ᠶᠢᠨ  ᠲᠦᠷᠦᠭᠦᠦ  ᠬᠣᠶᠠᠷ ᠲᠣᠮᠣ᠌ ᠠᠵᠤ ᠠᠬᠤᠢ᠎ᠶᠢᠨ ᠴᠣᠭᠴᠠ ᠪᠣᠯᠤᠭᠰᠠᠨ᠎ᠤ ᠬᠤᠪᠢ᠎ᠳᠤ᠂ ᠵᠠᠷᠢᠮ᠎ᠳᠠᠭᠠᠨ ᠪᠠᠰᠠ ᠮᠦᠷᠭᠦᠯᠳᠦᠭᠡᠨ᠎ᠭᠠᠷᠳᠠᠭ᠂ ᠡᠨᠡ ᠨᠢ ᠮᠠᠰᠢ ᠬᠡᠪ᠎ᠦᠨ ᠶᠠᠪᠤᠳᠠᠯ ᠪᠤᠯᠬᠤ ᠶᠤᠮ᠃ ᠰᠠᠯᠬᠢ ᠳᠠᠪᠠᠯᠭᠠᠨ ᠪᠠ ᠥᠷᠢᠰᠦᠯᠳᠦᠭᠡᠨ᠎ᠦ ᠡᠮᠦᠨ᠎ᠡ᠂ ᠬᠣᠶᠠᠷ ᠤᠯᠤᠰ᠎ᠤᠨ ᠲᠡᠷᠢᠭᠦᠨ ᠵᠠᠯᠠᠭᠤᠷᠴᠢᠨ ᠪᠣᠯᠤᠭᠰᠠᠨ᠎ᠤ ᠬᠤᠪᠢ᠎ᠳᠤ᠂ ᠴᠢᠭᠯᠡᠯ᠎ᠢᠶᠡᠨ ᠰᠠᠢᠲᠤᠷ ᠡᠵᠡᠮᠳᠡᠵᠦ᠂ ᠶᠡᠬᠡ ᠲᠠᠯ᠎ᠠ᠎ᠶᠢ ᠡᠵᠡᠮᠳᠡᠵᠦ᠂ ᠳᠤᠮᠳᠠᠳᠤ ᠠᠮᠧᠷᠢᠺᠠ᠎ᠶᠢᠨ ᠬᠠᠷᠢᠯᠴᠠᠭᠠᠨ᠎ᠤ ᠲᠣᠮᠣ᠌ ᠣᠩᠭᠣᠴᠠ᠎ᠶᠢ ᠲᠣᠭᠲᠠᠭᠤᠨ᠎ᠢᠶᠠᠷ ᠤᠷᠤᠭᠰᠢᠯᠠᠭᠤᠯᠤᠶ᠎ᠠ᠃ ᠪᠢ ᠳᠤᠷᠠᠲᠠᠶ᠎ᠠ ᠦᠷᠭᠦᠯᠵᠢᠯᠡᠨ ᠶᠡᠷᠦᠩᠬᠡᠢᠯᠡᠭᠴᠢ ᠲᠸᠷᠠᠮᠫᠦ᠋ ᠲᠠᠢ ᠬᠠᠮᠲᠤ᠎ᠪᠠᠷ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠬᠦ ᠪᠥᠭᠡᠳ ᠬᠣᠶᠠᠷ ᠤᠯᠤᠰ᠎ᠤᠨ ᠲᠤᠰ ᠲᠤᠰ᠎ᠤᠨ ᠬᠥᠭᠵᠢᠯᠲᠡ᠎ᠳᠦ ᠰᠠᠢᠨ ᠰᠠᠢᠬᠠᠨ ᠣᠷᠴᠢᠨ ᠨᠦᠬᠦᠴᠡᠯ᠎ᠢ ᠪᠦᠷᠢᠯᠳᠦᠭᠦᠯᠵᠦ ᠥᠭᠭᠦᠨ᠎ᠡ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢᠨ ᠬᠠᠨᠳᠤᠰᠢ ᠵᠦᠭᠡᠷ ᠪᠠᠢᠨ᠎ᠠ᠂ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠤᠨ ᠨᠡᠮᠡᠭᠳᠡᠯ᠎ᠦᠨ ᠨᠤᠷᠮ᠎ᠠ 5.2% ᠲᠦ᠍ ᠬᠦᠷᠴᠦ᠂ ᠪᠦᠬᠦ ᠪᠥᠮᠪᠥᠷᠴᠡᠭ᠎ᠦᠨ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ 4% ᠪᠡᠷ ᠨᠡᠮᠡᠭᠳᠡᠪᠡ᠂ ᠡᠨᠡ ᠪᠣᠯ ᠳᠣᠲᠣᠭᠠᠳᠤ ᠭᠠᠳᠠᠭᠠᠳᠤ᠎ᠶᠢᠨ ᠬᠦᠴᠢᠷᠳᠡᠯ᠎ᠢ ᠢᠯᠠᠨ ᠳᠠᠪᠠᠵᠤ ᠪᠠᠢᠭᠠᠳ ᠪᠡᠶᠡᠯᠡᠭᠦᠯᠦᠭᠰᠡᠨ ᠶᠤᠮ᠂ ᠬᠢᠯᠪᠠᠷ ᠪᠤᠰᠤ᠎ᠪᠠᠷ ᠢᠷᠡᠭᠰᠡᠨ ᠶᠤᠮ᠃ ᠳᠤᠮᠳᠠᠳᠤ ᠤᠯᠤᠰ᠎ᠤᠨ ᠠᠵᠤ ᠠᠬᠤᠢ ᠪᠣᠯ ᠨᠡᠯᠦᠭᠡᠷ ᠶᠡᠬᠡ ᠳᠠᠯᠠᠢ ᠮᠥᠨ᠂ ᠬᠡᠪᠴᠢᠶ᠎ᠡ᠂ ᠤᠶᠠᠨ ᠬᠠᠳᠠᠨ ᠴᠢᠨᠠᠷ᠂ ᠳᠠᠯᠳᠠ ᠬᠦᠴᠦᠨ ᠪᠦᠷ ᠨᠡᠯᠢᠶᠡᠳ ᠶᠡᠬᠡ ᠶᠤᠮ᠂ ᠪᠢᠳᠡ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠡᠭᠠᠬᠤ ᠢᠲᠡᠭᠡᠯ᠎ᠲᠠᠢ ᠪᠥᠭᠡᠳ ᠴᠢᠳᠠᠪᠤᠷᠢ᠎ᠲᠠᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠢᠷᠡᠭᠡᠳᠦᠢ᠎ᠶᠢᠨ 5 ᠵᠢᠯ᠎ᠦᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢ ᠬᠢᠨᠠᠨ ᠵᠥᠪᠯᠡᠵᠦ ᠪᠠᠲᠤᠯᠠᠪᠠ᠃ 70 ᠭᠠᠷᠤᠢ ᠵᠢᠯ᠎ᠦᠨ ᠲᠤᠷᠰᠢ᠂ ᠪᠢᠳᠡ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠨᠢᠭᠡ ᠨᠢᠭᠡ ᠠᠯᠬᠤᠮ᠎ᠢᠶᠠᠷ ᠬᠢᠬᠦ᠎ᠶᠢ ᠪᠠᠷᠢᠮᠲᠠᠯᠠᠵᠤ᠂ ᠶᠡᠷᠦ᠎ᠡᠴᠡ ᠬᠡᠨ ᠲᠠᠢ ᠥᠷᠢᠰᠦᠯᠳᠦᠵᠦ᠂ ᠬᠡᠨ᠎ᠢ ᠣᠷᠣᠯᠠᠬᠤ᠎ᠶᠢ ᠪᠤᠳᠤᠵᠤ ᠥᠩᠭᠡᠷᠡᠭᠰᠡᠨ ᠦᠭᠡᠢ᠂ ᠬᠠᠷᠢᠨ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠥᠪᠡᠷ᠎ᠢ᠎ᠪᠡᠨ ᠨᠡᠩ ᠰᠠᠢᠨ ᠪᠤᠯᠭᠠᠵᠤ᠂ ᠳᠡᠯᠡᠬᠡᠢ᠎ᠶᠢᠨ ᠡᠯ᠎ᠡ ᠤᠯᠤᠰ᠎ᠲᠠᠢ ᠬᠥᠭᠵᠢᠯᠲᠡ᠎ᠶᠢᠨ ᠠᠵᠠ ᠲᠣᠬᠢᠶᠠᠯ᠎ᠢ ᠬᠤᠪᠢᠶᠠᠯᠴᠠᠪᠠ᠃ ᠡᠨᠡ ᠪᠣᠯ ᠳᠤᠮᠳᠠᠳᠤ ᠤᠯᠤᠰ᠎ᠤᠨ ᠠᠮᠵᠢᠯᠲᠠ ᠣᠯᠣᠭᠰᠠᠨ ᠴᠢᠬᠤᠯᠠ ᠨᠢᠭᠤᠴᠠ ᠨᠣᠮᠧᠷ ᠪᠣᠯᠣᠨ᠎ᠠ᠃ ᠳᠤᠮᠳᠠᠳᠤ ᠤᠯᠤᠰ ᠴᠢᠨᠠᠭᠰᠢᠳᠠ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠭᠠᠳᠠᠭᠠᠳᠤ ᠨᠡᠭᠡᠭᠡᠯᠲᠡ᠎ᠪᠡᠨ ᠥᠷᠭᠡᠳᠬᠡᠵᠦ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠲᠣᠭ᠎ᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠬᠦᠴᠦᠯᠡᠨ ᠠᠬᠢᠭᠤᠯᠵᠤ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ ᠪᠣᠯᠣᠨ ᠪᠦᠬᠦ ᠠᠷᠠᠳ ᠲᠦᠮᠡᠨ᠎ᠦ ᠬᠠᠮᠲᠤ᠎ᠶᠢᠨ ᠪᠠᠶᠠᠵᠢᠯ᠎ᠢ ᠠᠬᠢᠭᠤᠯᠤᠨ᠎ᠠ᠂ ᠡᠨᠡ ᠨᠢ ᠪᠠᠰᠠ ᠳᠤᠮᠳᠠᠳᠤ ᠠᠮᠧᠷᠢᠺᠠ᠎ᠶᠢᠨ ᠬᠠᠮᠲᠤᠷᠠᠯᠴᠠᠭ᠎ᠠ᠎ᠳᠤ ᠨᠡᠩ ᠥᠷᠭᠡᠨ ᠠᠭᠤᠳᠠᠮ ᠣᠷᠣᠨ ᠵᠠᠢ᠎ᠶᠢ ᠨᠡᠭᠡᠭᠡᠵᠦ ᠥᠭᠬᠦ᠎ᠶᠢ ᠢᠲᠡᠭᠡᠵᠦ ᠪᠠᠢᠨ᠎ᠠ ᠭᠡᠵᠦ ᠴᠢᠬᠤᠯᠠᠴᠢᠯᠠᠪᠠ᠃

      ᠰᠢ᠎ᠵᠢᠨ᠎ᠫᠢᠩ᠂ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠪᠦᠯᠬᠦᠮ ᠴᠢᠬᠤᠯᠠ ᠠᠵᠤ ᠠᠬᠤᠢ ᠠᠷᠠᠯᠵᠢᠶᠠᠨ᠎ᠤ ᠠᠰᠠᠭᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠠᠰᠠᠭᠤᠳᠠᠯ᠎ᠢ ᠱᠢᠢᠳᠪᠦᠷᠢᠯᠡᠬᠦ᠌ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠪᠡ᠃ ᠬᠣᠶᠠᠷ ᠲᠠᠯ᠎ᠠ᠎ᠶ᠋ᠢᠨ ᠪᠦᠯᠬᠦᠮ᠎ᠦᠨ ᠬᠢᠨ ᠳᠠᠷᠠᠭᠠᠴᠢ᠎ᠶ᠋ᠢᠨ ᠠᠵᠢᠯ᠎ᠢᠶᠠᠨ ᠳᠠᠷᠤᠢ ᠲᠦᠷᠭᠡᠨ ᠨᠠᠷᠢᠯᠢᠬ᠍ᠵᠢᠭᠤᠯᠤᠨ ᠲᠣᠭ᠍ᠲᠠᠭᠠᠵᠤ᠂ ᠬᠠᠮᠲᠤ᠎ᠶ᠋ᠢᠨ ᠲᠠᠨᠢᠯᠲᠠ᠎ᠪᠠᠨ ᠰᠠᠢᠲᠤᠷ ᠬᠠᠮᠠᠭᠠᠯᠠᠵᠤ᠂ ᠰᠠᠢᠲᠤᠷ ᠨᠠᠢᠳᠠᠪᠤᠷᠢᠵᠢᠭᠤᠯᠵᠤ᠂ ᠦᠨᠡᠨ ᠪᠣᠳᠠᠲᠠᠢ ᠦᠷ᠎ᠡ ᠪᠦᠲᠦᠭᠡᠯ᠎ᠢᠶᠡᠷ᠎ᠢᠶᠡᠨ ᠳᠤᠮᠳᠠᠳᠤ ᠠᠮᠧᠷᠢᠺᠠ ᠬᠣᠶᠠᠷ ᠤᠯᠤᠰ ᠪᠣᠯᠤᠨ ᠳᠡᠯᠡᠬᠡᠢ᠎ᠶ᠋ᠢᠨ ᠠᠵᠤ ᠠᠬᠤᠢ᠎ᠳᠦ ᠳᠠᠢᠳᠬᠤᠷᠠᠭᠤᠯᠤᠯ ᠤᠯᠭᠤᠶ᠎ᠠ᠃ ᠳᠤᠮᠳᠠᠳᠤ ᠠᠮᠧᠷᠢᠺᠠ᠎ᠶ᠋ᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ ᠤᠢ᠍ᠢᠷ᠎ᠠ᠎ᠶ᠋ᠢᠨ ᠬᠤᠭᠤᠴᠠᠭᠠᠨ᠎ᠳᠤ ᠨᠤᠭᠤᠷᠠᠯ ᠪᠦᠳᠦᠷᠢᠯ᠎ᠳᠦ ᠤᠴᠠᠷᠠᠵᠤ᠂ ᠬᠣᠶᠠᠷ ᠲᠠᠯ᠎ᠠ᠎ᠳᠤ ᠪᠠᠰᠠ ᠰᠡᠩᠬᠡᠷᠡᠭᠦᠯᠦᠯ ᠪᠣᠯᠪᠠ᠃ ᠠᠵᠤ ᠠᠬᠤᠢ ᠠᠷᠠᠯᠵᠢᠶ᠎ᠠ ᠦᠷᠭᠦᠯᠵᠢᠯᠡᠨ ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠰᠠᠭᠤᠷᠢ ᠴᠢᠯᠠᠭᠤ ᠪᠠ ᠠᠬᠢᠭᠤᠯᠤᠭ᠍ᠴᠢ ᠪᠣᠯᠪᠠᠯ ᠵᠣᠬᠢᠨ᠎ᠠ᠂ ᠬᠠᠷᠢᠨ ᠬᠠᠷᠰᠢ ᠰᠠᠭᠠᠳ ᠪᠠ ᠮᠥᠷᠭᠥᠯᠳᠦᠭᠡᠨ᠎ᠦ ᠴᠡᠭ ᠪᠤᠯᠵᠤ ᠪᠣᠯᠬᠤ ᠦᠭᠡᠢ᠃ ᠬᠣᠶᠠᠷ ᠲᠠᠯ᠎ᠠ᠎ᠪᠠᠷ᠎ᠢᠶᠠᠨ ᠶᠡᠬᠡ ᠲᠠᠩᠰᠠ ᠪᠤᠳᠤᠵᠤ᠂ ᠬᠠᠮᠲᠤᠷᠠᠯᠴᠠᠭᠠᠨ᠎ᠤ ᠠᠪᠴᠢᠷᠠᠭ᠍ᠰᠠᠨ ᠠᠯᠤᠰ ᠬᠡᠲᠦ᠍᠎ᠶ᠋ᠢᠨ ᠠᠱᠢᠭ ᠲᠤᠰᠠ᠎ᠶ᠋ᠢ ᠢᠯᠡᠭᠦᠬᠡᠨ ᠦᠵᠡᠵᠦ᠂ ᠬᠠᠷᠢᠨ ᠬᠠᠷᠢᠯᠴᠠᠨ ᠥᠱᠢᠶ᠎ᠡ ᠠᠪᠬᠤ ᠮᠠᠭᠤ ᠣᠷᠴᠢᠯ᠎ᠳᠤ ᠣᠷᠣᠵᠤ ᠪᠣᠯᠬᠤ ᠥᠬᠡᠶ᠃ ᠬᠣᠶᠠᠷ ᠲᠠᠯ᠎ᠠ᠎ᠶ᠋ᠢᠨ ᠪᠦᠯᠬᠦᠮ ᠦᠷᠭᠦᠯᠵᠢᠯᠡᠨ ᠡᠷᠬᠡ ᠲᠡᠭ᠌ᠰᠢ᠂ ᠬᠦᠨᠳᠦᠳᠭᠡᠬᠦ᠌᠂ ᠬᠠᠷᠢᠯᠴᠠᠨ ᠠᠱᠢᠭ ᠬᠦᠷᠲᠡᠭᠡᠬᠦ᠌ ᠵᠠᠷᠴᠢᠮ᠎ᠢᠶᠠᠷ ᠦᠷᠭᠦᠯᠵᠢᠯᠡᠨ ᠶᠠᠷᠢᠯᠴᠠᠵᠤ᠂ ᠠᠰᠠᠭᠤᠳᠠᠯ᠎ᠤᠨ ᠨᠠᠷᠢᠨ ᠳᠠᠩᠰᠠ᠎ᠶ᠋ᠢ ᠲᠠᠰᠤᠷᠠᠯᠲᠠ ᠦᠭᠡᠢ ᠪᠠᠭᠠᠰᠭᠠᠵᠤ᠂ ᠬᠠᠮᠲᠤᠷᠠᠯᠴᠠᠭᠠᠨ᠎ᠤ ᠨᠠᠷᠢᠨ ᠳᠠᠩᠰᠠ᠎ᠶ᠋ᠢ ᠤᠷᠲᠤᠳᠭᠠᠵᠤ ᠪᠣᠯᠤᠨ᠎ᠠ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠶᠠᠷᠢᠯᠴᠠᠭ᠎ᠠ ᠬᠢᠬᠦ᠌ ᠨᠢ ᠡᠰᠡᠷᠭᠦᠴᠡᠯᠳᠦᠬᠦ᠌᠎ᠡᠴᠡ ᠰᠠᠢ᠌ᠨ ᠶᠤᠮ᠃ ᠳᠤᠮᠳᠠᠳᠤ ᠠᠮᠧᠷᠢᠺᠠ᠎ᠶ᠋ᠢᠨ ᠬᠣᠭᠣᠷᠣᠨᠳᠣᠬᠢ ᠡᠯ᠎ᠡ ᠠᠷᠭ᠎ᠠ ᠵᠠᠮ ᠡᠯ᠎ᠡ ᠲᠡᠰ ᠳᠠᠪᠬᠤᠷᠭ᠎ᠠ ᠤᠯᠤᠯᠴᠠᠭ᠎ᠠ᠎ᠪᠠᠨ ᠪᠠᠲᠤᠯᠠᠵᠤ᠂ ᠣᠢᠯᠠᠭᠠᠯᠴᠠᠭ᠎ᠠ᠎ᠪᠠᠨ ᠨᠡᠮᠡᠭ᠌ᠳᠡᠭᠦᠯᠪᠡᠯ ᠵᠣᠬᠢᠨ᠎ᠠ᠃ ᠬᠣᠶᠠᠷ ᠤᠯᠤᠰ᠎ᠤᠨ ᠬᠠᠤᠯᠢ ᠪᠤᠰᠤ ᠨᠡᠭᠦᠳᠡᠯ ᠠᠷᠠᠳ ᠪᠣᠯᠤᠨ ᠴᠠᠬᠢᠯᠭᠠᠨ ᠬᠣᠯᠪᠣᠭᠠᠨ᠎ᠤ ᠮᠡᠬᠡᠯᠡᠯ᠎ᠳᠦ ᠴᠣᠬᠢᠯᠲᠠ ᠥᠭ᠌ᠬᠦ᠂ ᠵᠣᠭᠣᠰ ᠤᠬᠢᠶᠠᠬᠤ᠎ᠶ᠋ᠢ ᠡᠰᠡᠷᠭᠦᠴᠡᠬᠦ᠌᠂ ᠵᠣᠬᠢᠶᠠᠮᠠᠯ ᠤᠶᠤᠨ ᠴᠢᠳᠠᠪᠤᠷᠢ᠂ ᠬᠠᠯᠳᠠᠪᠤᠷᠢᠲᠤ ᠡᠪᠡᠳᠴᠢᠨ᠎ᠢ ᠠᠷᠭᠠᠴᠠᠭᠠᠬᠤ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢᠨ ᠢᠷᠡᠭᠡᠳᠦᠢ ᠮᠠᠰᠢ ᠰᠠᠢ᠌ᠨ ᠪᠠᠢᠨ᠎ᠠ᠂ ᠠᠵᠢᠯ ᠲᠦᠷᠦᠯ᠎ᠦᠨ ᠰᠠᠯᠠᠭ᠎ᠠ ᠮᠥᠴᠢᠷ ᠶᠠᠷᠢᠯᠴᠠᠭ᠎ᠠ ᠰᠣᠯᠢᠯᠴᠠᠭ᠎ᠠ᠎ᠪᠠᠨ ᠴᠢᠩᠭᠠᠳᠭᠠᠵᠤ᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠥᠷᠨᠢᠭᠦᠯᠪᠡᠯ ᠵᠣᠬᠢᠨ᠎ᠠ᠃ ᠳᠤᠮᠳᠠᠳᠤ ᠠᠮᠧᠷᠢᠺᠠ ᠭᠠᠵᠠᠷ ᠣᠷᠣᠨ ᠪᠠ ᠤᠯᠠᠨ ᠤᠯᠤᠰ᠎ᠤᠨ ᠲᠠᠪᠴᠠᠩ᠎ᠳᠤ ᠴᠤ᠌ ᠰᠠᠢ᠌ᠳᠤᠷ ᠬᠤᠷᠰᠢᠯᠴᠠᠪᠠᠯ ᠵᠤᠬᠢᠨ᠎ᠠ᠃ ᠣᠳᠣᠬᠠᠨ᠎ᠤ ᠳᠡᠯᠡᠬᠡᠢ ᠶᠢᠷᠲᠢᠨᠴᠦ᠍᠎ᠳᠦ ᠪᠠᠰᠠ ᠮᠠᠰᠢ ᠤᠯᠠᠨ ᠬᠦᠴᠢᠷ ᠠᠰᠠᠭᠤᠳᠠᠯ ᠣᠷᠣᠱᠢᠵᠤ ᠪᠠᠢᠨ᠎ᠠ᠂ ᠳᠤᠮᠳᠠᠳᠤ ᠤᠯᠤᠰ ᠪᠣᠯᠤᠨ ᠠᠮᠧᠷᠢᠺᠠ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠬᠠᠮᠲᠤ᠎ᠪᠠᠷ ᠢᠯᠡᠷᠡᠭᠦᠯᠵᠦ᠍᠂ ᠬᠣᠶᠠᠷ ᠤᠯᠤᠰ ᠪᠣᠯᠤᠨ ᠳᠡᠯᠡᠬᠡᠢ ᠳ᠋ᠠᠬᠢᠨ᠎ᠳᠤ ᠠᠱᠢᠭ᠍ᠲᠠᠢ ᠶᠡᠬᠡ ᠶᠠᠪᠤᠳᠠᠯ᠂ ᠪᠣᠳᠠᠲᠤ ᠶᠠᠪᠤᠳᠠᠯ᠂ ᠰᠠᠢ᠌ᠨ ᠶᠠᠪᠤᠳᠠᠯ᠎ᠢ ᠭᠠᠷ ᠬᠣᠯᠪᠣᠯᠴᠠᠨ ᠢᠯᠡᠭᠦᠬᠡᠨ ᠬᠢᠵᠦ᠍ ᠪᠣᠯᠤᠨ᠎ᠠ᠃ ᠢᠷᠡᠬᠦ᠌ ᠵᠢᠯ᠂ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠡᠷᠬᠢᠯᠡᠭ᠌ᠴᠢ ᠤᠯᠤᠰ ᠪᠤᠯᠵᠤ᠂ ᠠᠮᠧᠷᠢᠺᠠ ᠬᠣᠷᠢᠨ ᠤᠯᠤᠰ᠎ᠤᠨ ᠪᠦᠯᠦᠭ᠌ᠯᠡᠯ᠎ᠦᠨ ᠲᠦᠷᠦᠭᠦᠴᠦᠳ᠎ᠦᠨ ᠬᠤᠷᠠᠯ᠎ᠢ ᠭᠣᠣᠯᠯᠠᠨ ᠡᠷᠬᠢᠯᠡᠬᠦ ᠪᠤᠯᠤᠨ᠎ᠠ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠳᠡᠮᠵᠢᠵᠦ᠍᠂ ᠬᠣᠶᠠᠷ ᠲᠠᠯᠠᠪᠤᠷ ᠲᠦᠷᠦᠭᠦᠴᠦᠳ᠎ᠦᠨ ᠬᠤᠷᠠᠯ᠎ᠨᠢ ᠴᠥᠮ ᠢᠳᠡᠪᠬᠢᠲᠡᠶ ᠦᠷ᠎ᠡ ᠪᠦᠲᠦᠭᠡᠯ ᠣᠯᠵᠤ᠂ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠢ ᠠᠬᠢᠭᠤᠯᠬᠤ᠂ ᠪᠥᠬᠥ᠌ ᠪᠥᠮᠪᠥᠷᠴᠡᠭ᠎ᠦᠨ ᠠᠵᠤ ᠠᠬᠤᠶ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ᠌᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠵᠤ ᠪᠣᠯᠤᠨ᠎ᠠ ᠭᠡᠵᠦ ᠴᠢᠬᠤᠯᠠᠴᠢᠯᠠᠪᠠ᠃

      ᠲᠸᠷᠠᠮᠫᠦ᠋᠂ ᠲᠡᠷᠢᠭᠦᠯᠡᠭᠴᠢ ᠰᠢ᠎ᠵᠢᠨ᠎ᠫᠢᠩ ᠲᠠᠢ ᠠᠭᠤᠯᠵᠠᠭᠰᠠᠨ᠎ᠳᠠᠭᠠᠨ ᠮᠠᠰᠢ ᠠᠵᠠᠲᠠᠢ ᠪᠠᠢᠨ᠎ᠠ᠃ ᠳᠤᠮᠳᠠᠳᠤ ᠤᠯᠤᠰ ᠪᠣᠯ ᠠᠭᠤᠤ ᠶᠡᠬᠡ ᠤᠯᠤᠰ ᠮᠥᠨ᠂ ᠲᠡᠷᠢᠭᠦᠯᠡᠭᠴᠢ ᠰᠢ᠎ᠵᠢᠨ᠎ᠫᠢᠩ ᠪᠣᠯ ᠬᠥᠮᠥᠰ᠎ᠦᠨ ᠬᠦᠨᠳᠦᠳᠬᠡᠯ᠎ᠢ ᠣᠯᠣᠭᠰᠠᠨ ᠠᠭᠤᠤ ᠶᠡᠬᠡ ᠤᠳᠤᠷᠢᠳᠬᠤ ᠬᠥᠮᠥᠨ ᠮᠥᠨ᠂ ᠮᠦᠨ ᠴᠤ᠌ ᠮᠢᠨᠤ ᠤᠳᠠᠭᠠᠨ ᠵᠢᠯ᠎ᠦᠨ ᠰᠠᠢᠨ ᠨᠠᠢᠵᠨ ᠪᠠᠢᠵᠤ᠂ ᠪᠢᠳᠡᠨ᠎ᠦ ᠶᠠᠪᠤᠯᠴᠠᠭ᠎ᠠ ᠮᠠᠰᠢ ᠪᠠᠶᠠᠷᠲᠠᠢ ᠰᠠᠢᠬᠠᠨ ᠪᠠᠢᠨ᠎ᠠ᠃ ᠠᠮᠧᠷᠢᠺᠠ ᠳᠤᠮᠳᠠᠳᠤ᠎ᠶᠢᠨ ᠬᠠᠷᠢᠯᠴᠠᠭ᠎ᠠ ᠶᠡᠷᠦ ᠨᠢ ᠮᠠᠰᠢ ᠰᠠᠢᠨ ᠪᠠᠢᠵᠤ᠂ ᠢᠷᠡᠭᠡᠳᠦᠢ᠎ᠳᠦ ᠨᠡᠩ ᠰᠠᠢᠨ ᠪᠣᠯᠬᠤ ᠶᠤᠮ᠂ ᠳᠤᠮᠳᠠᠳᠤ ᠤᠯᠤᠰ ᠪᠣᠯᠣᠨ ᠠᠮᠧᠷᠢᠺᠠ᠎ᠶᠢᠨ ᠢᠷᠡᠭᠡᠳᠦᠢ ᠴᠥᠮ ᠨᠡᠩ ᠰᠠᠢᠨ ᠰᠠᠢᠬᠠᠨ ᠪᠣᠯᠬᠤ᠎ᠶᠢ ᠬᠦᠰᠡᠵᠦ ᠪᠠᠢᠨ᠎ᠠ᠃ ᠳᠤᠮᠳᠠᠳᠤ ᠤᠯᠤᠰ ᠪᠣᠯ ᠠᠮᠧᠷᠢᠺᠠ᠎ᠶᠢᠨ ᠬᠠᠮᠤᠭ᠎ᠤᠨ ᠶᠡᠬᠡ ᠬᠠᠨᠢᠲᠠᠨ ᠮᠥᠨ᠂ ᠬᠣᠶᠠᠷ ᠤᠯᠤᠰ ᠭᠠᠷ ᠬᠣᠯᠪᠣᠯᠴᠠᠨ ᠳᠡᠯᠡᠬᠡᠢ ᠳᠡᠭᠡᠷ᠎ᠡ ᠮᠠᠰᠢ ᠤᠯᠠᠨ ᠶᠡᠬᠡ ᠶᠠᠪᠤᠳᠠᠯ᠎ᠢ ᠪᠦᠲᠦᠭᠡᠵᠦ ᠪᠣᠯᠣᠨ᠎ᠠ᠂ ᠢᠷᠡᠭᠡᠳᠦᠢ᠎ᠳᠦ ᠠᠮᠧᠷᠢᠺᠠ ᠳᠤᠮᠳᠠᠳᠤ᠎ᠶᠢᠨ ᠬᠠᠮᠲᠤᠷᠠᠯᠴᠠᠭ᠎ᠠ ᠨᠡᠩ ᠶᠡᠬᠡ ᠠᠮᠵᠢᠯᠲᠠ ᠣᠯᠬᠤ ᠪᠣᠯᠣᠨ᠎ᠠ᠃ ᠳᠤᠮᠳᠠᠳᠤ ᠤᠯᠤᠰ 2026 ᠣᠨ᠎ᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠮᠧᠷᠢᠺᠠ ᠬᠣᠷᠢᠨ ᠤᠯᠤᠰ᠎ᠤᠨ ᠪᠦᠯᠦᠭᠯᠡᠯ᠎ᠦᠨ ᠲᠦᠷᠦᠭᠦᠴᠦᠳ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠣᠶᠠᠷ ᠲᠠᠯ᠎ᠠ᠎ᠪᠠᠷ᠎ᠢᠶᠠᠨ ᠠᠮᠵᠢᠯᠲᠠ ᠣᠯᠬᠤ᠎ᠶᠢ ᠬᠦᠰᠡᠨ ᠬᠦᠯᠢᠶᠡᠵᠤ ᠪᠠᠢᠨ᠎ᠠ ᠭᠡᠵᠤ ᠢᠯᠡᠳᠬᠡᠪᠡ᠃

      ᠬᠣᠶᠠᠷ ᠤᠯᠤᠰ᠎ᠤᠨ ᠲᠡᠷᠢᠭᠦᠨ ᠬᠣᠶᠠᠷ ᠲᠠᠯ᠎ᠠ᠎ᠶᠢᠨ ᠠᠵᠤ ᠠᠬᠤᠢ ᠠᠷᠠᠯᠵᠢᠶ᠎ᠠ᠂ ᠡᠨᠧᠷᠭᠢ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠠᠬᠢᠭᠤᠯᠬᠤ᠎ᠶᠢ ᠵᠥᠪᠰᠢᠶᠡᠷᠡᠪᠡ᠃

      ᠬᠣᠶᠠᠷ ᠤᠯᠤᠰ᠎ᠤᠨ ᠲᠡᠷᠢᠭᠦᠨ ᠪᠠᠢᠩᠭᠤ᠎ᠶᠢᠨ ᠴᠢᠨᠠᠷᠲᠠᠢ ᠶᠠᠪᠤᠯᠴᠠᠭ᠎ᠠ᠎ᠪᠠᠨ ᠪᠠᠲᠤᠯᠠᠬᠤ᠎ᠶᠢ ᠵᠥᠪᠰᠢᠶᠡᠷᠡᠪᠡ᠃ ᠲᠸᠷᠠᠮᠫᠦ᠋ ᠳᠠᠷᠠᠭ᠎ᠠ ᠵᠢᠯ᠎ᠦᠨ ᠡᠷᠲᠡ ᠦᠶᠡᠰ᠎ᠢᠶᠡᠷ ᠳᠤᠮᠳᠠᠳᠤ ᠤᠯᠤᠰ᠎ᠲᠤ ᠠᠢᠯᠴᠢᠯᠠᠬᠤ᠎ᠶᠢ ᠬᠦᠰᠡᠵᠤ᠂ ᠲᠡᠷᠢᠭᠦᠯᠡᠭᠴᠢ ᠰᠢ᠎ᠵᠢᠨ᠎ᠫᠢᠩ᠎ᠤᠨ ᠠᠮᠧᠷᠢᠺᠠ᠎ᠳᠤ ᠠᠢᠯᠴᠢᠯᠠᠬᠤ᠎ᠶᠢ ᠤᠷᠢᠪᠠ᠃

      ᠼᠠᠢ ᠴᠢ᠂ ᠸᠠᠩ ᠢ᠂ ᠡᡁᠸ ᠯᠢ ᠹᠸᠩ ᠨᠠᠷ ᠠᠭᠤᠯᠵᠠᠯᠲᠠ᠎ᠳᠤ ᠣᠷᠣᠯᠴᠠᠵᠠᠢ᠃

      ᠰᠢᠨᠬᠤᠸᠠ ᠬᠤᠷᠢᠶ᠎ᠠ᠎ᠵᠢᠨ ᠺᠣᠷᠢᠶᠠ᠎ᠶᠢᠨ ᠪᠦᠰᠡᠨ᠎ᠤ 10 ᠰᠠᠷ᠎ᠠ᠎ᠶᠢᠨ 30  ᠤ᠋ ᠴᠠᠬᠢᠯᠭᠠᠨ ᠮᠡᠳᠡᠭᠡ

ᠢᠷᠡᠯᠲᠡ᠄       