ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠤᠷᠤᠰ᠎ᠤᠨ ᠶᠡᠷᠦᠩᠬᠡᠢ ᠰᠠᠢᠳ ᠮᠢᠱᠦ᠋ᠰᠺᠢᠨ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-11-05

      11 ᠰᠠᠷ᠎ᠠ᠎ᠶ᠋ᠢᠨ 4 ᠎ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢ ᠰᠠᠢᠳ ᠮᠢᠱᠦ᠋ᠰᠺᠢᠨ ᠳᠠᠢ ᠠᠭᠤᠯᠵᠠᠪᠠ᠃

      11 ᠰᠠᠷ᠎ᠠ᠎ᠶ᠋ᠢᠨ 4 ᠎ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠶᠡᠷᠦᠩᠬᠡᠢ ᠰᠠᠢᠳ ᠮᠢᠱᠦ᠋ᠰᠺᠢᠨ ᠳᠠᠢ ᠠᠭᠤᠯᠵᠠᠪᠠ᠃

      ᠱᠢᠨᠬᠤᠸᠠ ᠬᠣᠷᠢᠶ᠎ᠠ᠎ᠶᠢᠨ  ᠰᠤᠷᠪᠤᠯᠵᠢᠯᠠᠭ᠍ᠴᠢ  ᠯᠢ ᠰᠢᠶᠠᠩ  ᠰᠡᠬᠦᠳᠡᠷᠯᠡᠪᠡ

      ᠰᠢ᠎ᠵᠢᠨ᠎ᠫᠢᠩ᠂ ᠡᠨᠡ ᠵᠢᠯ᠎ᠡᠴᠡ ᠨᠠᠭᠠᠰᠢ᠂ ᠳᠤᠮᠳᠠᠳᠤ ᠤᠷᠤᠰ᠎ᠤᠨ ᠬᠠᠷᠢᠯᠴᠠᠭ᠎ᠠ ᠨᠡᠩ ᠥᠨᠳᠥᠷ ᠲᠦᠪᠱᠢᠨ᠂ ᠨᠡᠩ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠷᠠᠯᠲᠠ᠎ᠶ᠋ᠢ ᠡᠵᠡᠮᠳᠡᠵᠦ᠂ ᠰᠠᠯᠬᠢ ᠳᠠᠪᠠᠯᠭᠠᠨ ᠶᠡᠬᠡᠳᠡᠢ ᠭᠠᠳᠠᠭᠠᠳᠤ ᠣᠷᠴᠢᠨ᠎ᠳᠤ ᠯᠠᠪᠳᠠᠭᠤᠨ ᠪᠠᠲᠤᠲᠠᠢ ᠤᠷᠤᠭ᠍ᠰᠢᠯᠠᠪᠠ᠃ ᠳᠤᠮᠳᠠᠳᠤ ᠤᠷᠤᠰ᠎ᠤᠨ ᠬᠠᠷᠢᠯᠴᠠᠭ᠎ᠠ᠎ᠶ᠋ᠢ ᠰᠠᠢᠲᠤᠷ ᠬᠠᠮᠠᠭᠠᠯᠠᠵᠤ ᠰᠠᠢᠲᠤᠷ ᠪᠡᠬᠢᠵᠢᠭᠦᠯᠵᠦ᠍ ᠰᠠᠢᠲᠤᠷ ᠬᠥᠭ᠌ᠵᠢᠭᠦᠯᠬᠦ᠌ ᠪᠣᠯ ᠬᠣᠶᠠᠷ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠪᠣᠯᠤᠨ᠎ᠠ᠃ ᠪᠢ ᠶᠡᠷᠦᠩᠬᠡᠢᠯᠡᠭ᠌ᠴᠢ ᠫᠦᠲ᠋ᠢᠨ ᠲᠠᠢ ᠮᠣᠰᠺᠸᠠ ᠪᠠ ᠪᠡᠭᠡᠵᠢᠩ᠎ᠳᠦ ᠬᠣᠶᠠᠷ ᠤᠳᠠᠭ᠎ᠠ ᠠᠭᠤᠯᠵᠠᠵᠤ᠂ ᠳᠤᠮᠳᠠᠳᠤ ᠤᠷᠤᠰ᠎ᠤᠨ ᠬᠠᠷᠢᠯᠴᠠᠭ᠎ᠠ᠎ᠳᠠᠬᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠠᠰᠠᠭᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠱᠢᠨ᠎ᠡ ᠲᠥᠯᠥᠪᠵᠢᠭᠦᠯᠭᠡ ᠪᠠ ᠪᠠᠢᠷᠢᠯᠠᠭᠤᠯᠤᠯᠲᠠ ᠬᠢᠵᠡᠢ᠃ ᠬᠣᠶᠠᠷ ᠲᠠᠯ᠎ᠠ᠎ᠪᠠᠷ᠎ᠢᠶᠠᠨ ᠨᠢᠭ᠍ᠲᠠ ᠵᠣᠬᠢᠴᠠᠭᠤᠯᠭ᠎ᠠ᠎ᠪᠠᠨ ᠪᠠᠲᠤᠯᠠᠵᠤ᠂ ᠮᠢᠨᠦ᠍ ᠶᠡᠷᠦᠩᠬᠡᠢᠯᠡᠭ᠌ᠴᠢ ᠫᠦᠲ᠋ᠢᠨ ᠯᠤᠬᠡ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ ᠎ᠦ ᠦᠨᠳᠦᠰᠦᠨ ᠠᠱᠢᠭ ᠲᠤᠰᠠ᠎ᠶᠢ ᠪᠣᠳᠣᠯᠬᠢᠯᠠᠵᠤ᠂ ᠳᠤᠮᠳᠠᠳᠤ ᠤᠷᠤᠰ᠎ᠤᠨ ᠬᠠᠮᠲᠤᠷᠠᠯᠴᠠᠭ᠎ᠠ᠎ᠶᠢᠨ ᠠᠵᠢᠯ᠎ᠢ ᠰᠠᠢᠳᠤᠷ ᠲᠦᠯᠦᠪᠵᠢᠭᠦᠯᠵᠤ᠂ ᠡᠭᠦᠨ ᠤ᠋ ᠬᠠᠮᠳᠤ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃

      ᠰᠢ᠎ᠵᠢᠨ᠎ᠫᠢᠩ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠪᠡᠯᠡ ᠣᠷᠣᠭᠤᠯᠤᠯᠲᠠ᠎ᠪᠠᠨ ᠲᠣᠭ᠍ᠲᠠᠭᠤᠨ᠎ᠢᠶᠠᠷ ᠥᠷᠭᠡᠳᠭᠡᠵᠦ᠍᠂ ᠡᠨᠧᠷᠭᠢ᠂ ᠬᠣᠯᠪᠣᠯᠳᠤᠨ ᠨᠡᠪᠲᠡᠷᠡᠯᠴᠡᠬᠦ᠌᠂ ᠬᠥᠳᠡᠭᠡ ᠠᠵᠤ ᠠᠬᠤᠢ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠤᠯᠠᠮᠵᠢᠯᠠᠯᠲᠤ ᠬᠦᠷᠢᠶᠡᠨ᠎ᠦ ᠬᠠᠮᠲᠤᠷᠠᠯᠴᠠᠭ᠎ᠠ᠎ᠪᠠᠨ ᠰᠠᠢᠲᠤᠷ ᠥᠷᠨᠢᠭᠦᠯᠦᠶ᠎ᠡ; ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠶ᠂ ᠪᠣᠬᠢᠷᠲᠤᠯ ᠥᠬᠡᠶ ᠬᠥᠭ᠌ᠵᠢᠯᠲᠡ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠱᠢᠨ᠎ᠡ ᠬᠠᠮᠲᠤᠷᠠᠯᠴᠠᠭᠠᠨ᠎ᠤ ᠨᠡᠮᠡᠭ᠌ᠳᠡᠯ᠎ᠦᠨ ᠴᠡᠭ᠎ᠢ ᠪᠣᠶ ᠪᠣᠯᠭᠠᠶ᠎ᠠ; ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠬᠣᠶᠠᠷ ᠤᠯᠤᠰ᠎ᠤᠨ ᠨᠡᠢᠭᠡᠮ᠎ᠦᠨ ᠡᠯ᠎ᠡ ᠡᠲᠡᠭᠡᠳ᠎ᠦᠨ ᠨᠡᠩ ᠤᠯᠠᠨ ᠬᠥᠮᠦᠰ᠎ᠢ ᠳᠤᠮᠳᠠᠳᠤ ᠤᠷᠤᠰ᠎ᠤᠨ ᠨᠥᠬᠥᠷᠰᠡᠭ ᠬᠠᠮᠲᠤᠷᠠᠯᠴᠠᠭᠠᠨ᠎ᠤ ᠦᠢᠯᠡᠰ᠎ᠲᠦ ᠣᠷᠣᠯᠴᠠᠭᠤᠯᠤᠶ᠎ᠠ᠃ ᠲᠦᠷᠦᠭᠦᠬᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠬᠢᠨᠠᠨ ᠵᠥᠪᠯᠡᠵᠦ᠍ ᠪᠠᠲᠤᠯᠠᠨ᠂ ᠳᠤᠮᠳᠠᠳᠤ ᠤᠯᠤᠰ᠎ᠤᠨ ᠢᠷᠡᠭᠡᠳᠦᠢ᠎ᠶ᠋ᠢᠨ 5 ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠦ᠍ ᠲᠥᠯᠥᠪᠯᠡᠭᠡ ᠪᠠ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠪᠡ᠃ ᠳᠤᠮᠳᠠᠳᠤ ᠤᠯᠤᠰ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠥᠷᠭᠡᠳᠭᠡᠨ᠎ᠡ᠃ ᠳᠤᠮᠳᠠᠳᠤ ᠤᠯᠤᠰ ᠳᠤᠷᠠᠲᠠᠶ᠎ᠠ ᠤᠷᠤᠰ᠎ᠤᠨ ᠬᠢᠨ ᠲᠡᠶ ᠬᠠᠮᠲᠤ᠎ᠪᠠᠷ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠤᠷᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠲᠠᠢ ᠨᠡᠩ ᠰᠠᠢᠲᠤᠷ ᠵᠣᠯᠭᠠᠭᠤᠯᠬᠤ᠎ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠲᠠᠰᠤᠷᠠᠯᠳᠡ ᠦᠭᠡᠢ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃

      ᠮᠢᠱᠦ᠋ᠰᠺᠢᠨ ᠶᠡᠷᠦᠩᠬᠡᠢᠯᠡᠭ᠌ᠴᠢ ᠫᠦᠲ᠋ᠢᠨ᠎ᠤ ᠲᠡᠷᠢᠭᠦᠯᠡᠭ᠌ᠴᠢ ᠰᠢ᠎ᠵᠢᠨ᠎ᠫᠢᠩ᠎ᠳᠦ ᠳᠡᠪᠱᠢᠭᠦᠯᠦᠭ᠌ᠰᠡᠨ ᠳᠣᠲᠣᠨᠣ ᠮᠡᠨᠳᠦᠴᠢᠯᠡᠯ ᠪᠠ ᠰᠠᠢᠨ ᠰᠠᠢᠬᠠᠨ ᠵᠥᠩᠨᠡᠯ᠎ᠢ ᠳᠠᠮᠵᠢᠭᠤᠯᠪᠠ᠃ ᠮᠢᠱᠦ᠋ᠰᠺᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠠᠮᠵᠢᠯᠲᠠ ᠲᠠᠢ ᠬᠤᠷᠠᠯᠳᠤᠭ᠍ᠰᠠᠨ᠎ᠳᠤ ᠪᠠᠶᠠᠷ ᠬᠦᠷᠭᠡᠵᠦ᠍ ᠪᠠᠢᠨ᠎ᠠ᠂ ᠳᠤᠮᠳᠠᠳᠤ ᠤᠯᠤᠰ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠲᠣᠭ᠍ᠲᠠᠭᠠᠭ᠍ᠰᠠᠨ ᠬᠠᠷᠠᠯᠲᠠ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠨᠡᠩ ᠶᠡᠬᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠤᠯᠬᠤ᠎ᠶ᠋ᠢ ᠢᠲᠡᠭᠡᠵᠦ᠍ ᠪᠠᠢᠨ᠎ᠠ᠃ ᠬᠣᠶᠠᠷ ᠤᠯᠤᠰ᠎ᠤᠨ ᠲᠡᠷᠢᠭᠦᠨ ᠡᠨᠡ ᠵᠢᠯ ᠬᠣᠶᠠᠷ ᠤᠳᠠᠭ᠎ᠠ ᠠᠭᠤᠯᠵᠠᠵᠤ᠂ ᠤᠷᠤᠰ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠬᠢᠵᠦ᠍᠂ ᠤᠷᠤᠰ ᠳᠤᠮᠳᠠᠳᠤ᠎ᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠪᠡᠬᠢᠵᠢᠭᠦᠯᠪᠡ᠃ ᠤᠷᠤᠰ᠎ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ᠎ᠪᠠᠷ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠡᠨᠧᠷᠭᠢ᠂ ᠬᠥᠳᠡᠭᠡ ᠠᠵᠤ ᠠᠬᠤᠢ᠂ ᠲᠣᠭᠠᠴᠢᠯᠠᠭ᠍ᠰᠠᠨ ᠠᠵᠤ ᠠᠬᠤᠢ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠤᠯᠠᠨ ᠲᠠᠯ᠎ᠠ᠎ᠶ᠋ᠢᠨ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠬᠠᠮᠲᠤᠷᠠᠯᠴᠠᠭ᠎ᠠ ᠎ᠳᠤ ᠨᠡᠩ ᠤᠯᠠᠨ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

      ᠸᠠᠩ ᠢ ᠠᠭᠤᠯᠵᠠᠯᠲᠠ᠎ᠳᠤ ᠣᠷᠣᠯᠴᠠᠵᠠᠢ᠃

      ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠰᠠᠷ᠎ᠠ᠎ᠶ᠋ᠢᠨ 4 ᠎ᠤ᠋ ᠴᠠᠬᠢᠯᠭᠠᠨ ᠮᠡᠳᠡᠭᠡ

ᠢᠷᠡᠯᠲᠡ᠄       