ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭᠢᠶᠡᠨᠡ᠎ᠶᠢᠨ ᠶᠡᠷᠦᠩᠬᠡᠢᠯᠡᠭᠴᠢ ᠠᠯᠢ᠎ᠳᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2025-09-11

      ᠰᠢᠨᠬᠤᠸᠠ ᠬᠣᠷᠢᠶ᠎ᠠ᠎ᠶ᠋ᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 11 ᠎ᠤ ᠡᠳᠦᠷ᠎ᠦᠨ ᠴᠠᠬᠢᠯᠭᠠᠨ ᠮᠡᠳᠡᠭᠡ   9 ᠳ᠋ᠦ᠍ᠭᠡᠷ ᠰᠠᠷ᠎ᠠ᠎ᠶᠢᠨ 10 ᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠯᠢ᠎ᠳᠤ ᠴᠠᠬᠢᠯᠭᠠᠨ ᠴᠢᠮᠡᠭᠡ ᠶᠠᠪᠤᠭᠤᠯᠵᠤ᠂ ᠪᠦᠭᠦᠳᠡ ᠨᠠᠢᠷᠠᠮᠳᠠᠬᠤ ᠭᠢᠶᠡᠨᠡ᠎ᠶ᠋ᠢᠨ ᠨᠢᠭᠡᠳᠦᠭ᠌ᠰᠡᠨ ᠤᠯᠤᠰ᠎ᠤᠨ ᠶᠡᠷᠦᠩᠬᠡᠢᠯᠡᠭ᠌ᠴᠢ᠎ᠪᠡᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠨᠢ ᠪᠠᠶᠠᠷ ᠬᠦᠷᠭᠡᠪᠡ᠃

      ᠰᠢ ᠵᠢᠨ ᠫᠢᠩ ᠵᠢᠭᠠᠵᠤ ᠭᠠᠷᠭᠠᠬᠤ᠎ᠳᠤ᠎ᠪᠠᠨ᠂ ᠭᠢᠶᠠᠨᠠ ᠪᠣᠯ ᠺᠠᠷᠢᠪᠢ ᠣᠷᠣᠨ᠎ᠳᠠᠬᠢ ᠬᠠᠮᠤᠭ᠎ᠤᠨ ᠡᠷᠲᠡ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠢᠭᠤᠯᠤᠭᠰᠠᠨ ᠤᠯᠤᠰ ᠪᠣᠯᠣᠨ᠎ᠠ᠃ ᠬᠠᠷᠢᠯᠴᠠᠭ᠎ᠠ ᠪᠠᠢᠭᠤᠯᠤᠭᠰᠠᠨ 53 ᠵᠢᠯ᠎ᠦᠨ ᠲᠤᠷᠰᠢ᠂ ᠳᠤᠮᠳᠠᠳᠤ ᠪᠠ ᠭᠢᠶᠠᠨᠠ᠎ᠶ᠋ᠢᠨ ᠬᠠᠷᠢᠯᠴᠠᠭ᠎ᠠ ᠡᠷᠡᠭᠦᠯ ᠲᠣᠭᠲᠠᠭᠤᠨ᠎ᠢᠶᠠᠷ ᠬᠥᠭᠵᠢᠵᠦ᠂ ᠡᠯ᠎ᠡ ᠬᠦᠷᠢᠶᠡᠨ᠎ᠳᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠤ᠂ ᠤᠯᠠᠨ ᠲᠠᠯ᠎ᠠ᠎ᠶᠢᠨ ᠬᠡᠷᠡᠭ ᠶᠠᠪᠤᠳᠠᠯ᠎ᠤᠨ ᠳᠤᠮᠳᠠ ᠨᠢᠭ᠍ᠲᠠ ᠵᠣᠬᠢᠴᠠᠭᠤᠯᠭ᠎ᠠ᠎ᠪᠠᠨ ᠪᠠᠲᠤᠯᠠᠭᠰᠠᠭᠠᠷ ᠢᠷᠡᠪᠡ᠃ 2023 ᠣᠨ᠎ᠤ 7 ᠳ᠋ᠤᠭᠠᠷ ᠰᠠᠷ᠎ᠠ᠎ᠳᠤ᠂ ᠪᠢᠳᠡ ᠴᠧᠩᠳᠦ᠋᠎ᠳᠦ ᠠᠭᠤᠯᠵᠠᠵᠤ᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠲᠠᠯ᠎ᠠ᠎ᠪᠠᠷ ᠴᠢᠬᠤᠯᠠ ᠬᠠᠮᠲᠤ᠎ᠶᠢᠨ ᠲᠠᠨᠢᠯᠲᠠ ᠲᠠᠢ ᠪᠣᠯᠪᠠ᠃ ᠪᠢ ᠳᠤᠷᠠᠲᠠᠶ᠎ᠠ ᠶᠡᠷᠦᠩᠬᠡᠢᠯᠡᠭᠴᠢ ᠠᠯᠢ ᠯᠤᠭ᠎ᠠ ᠴᠢᠷᠮᠠᠢᠵᠤ ᠪᠠᠢᠭᠠᠳ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠬᠠᠮᠲᠤ᠎ᠪᠡᠷ ᠪᠦᠲᠦᠭᠡᠨ ᠪᠠᠶ᠋ᠢᠭᠤᠯᠬᠤ ᠪᠦᠳᠦᠭᠦᠪᠴᠢ ᠲᠥᠰᠥᠪ᠎ᠦᠨ ᠳᠣᠲᠣᠷ᠎ᠠ ᠬᠣᠶᠠᠷ ᠲᠠᠯ᠎ᠠ᠎ᠶᠢᠨ ᠬᠠᠷᠢᠯᠴᠠᠨ ᠠᠰᠢᠭ᠍ᠲᠠᠢ ᠨᠥᠬᠥᠷᠰᠡᠭ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠳᠤᠮᠳᠠᠳᠤ ᠪᠠ ᠭᠢᠶᠠᠨᠠ᠎ᠶ᠋ᠢᠨ ᠬᠠᠷᠢᠯᠴᠠᠭ᠎ᠠ ᠲᠠᠰᠤᠷᠠᠯᠳᠡ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠵᠢᠷᠭᠠᠯ ᠡᠳ᠋ᠯᠡᠭᠦᠯᠦᠨ᠎ᠡ ᠭᠡᠪᠡ᠃

ᠢᠷᠡᠯᠲᠡ᠄       