ᠰᠢᠨᠬᠤᠸᠠ ᠬᠣᠷᠢᠶ᠎ᠠ᠎ᠶ᠋ᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 10 ᠤ ᠡᠳᠦᠷ᠎ᠦᠨ ᠴᠠᠬᠢᠯᠭᠠᠨ ᠮᠡᠳᠡᠭᠡ 9 ᠳ᠋ᠦ᠍ᠭᠡᠷ ᠰᠠᠷ᠎ᠠ᠎ᠶᠢᠨ 10 ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 2025 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ ᠵᠢᠭᠠᠵᠤ ᠭᠠᠷᠭᠠᠬᠤ᠎ᠳᠤ᠎ᠪᠠᠨ᠂ ᠣᠳᠣᠬᠠᠨ᠎ᠳᠤ᠂ ᠳᠡᠯᠡᠬᠡᠢ᠎ᠶᠢᠨ ᠠᠵᠤ ᠠᠬᠤᠢ᠎ᠶᠢᠨ ᠲᠥᠯᠥᠪ ᠪᠠᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠂ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠥᠷᠢᠰᠦᠯᠳᠦᠭᠡᠨ ᠪᠠ ᠲᠣᠬᠢᠶᠠᠯ ᠵᠡᠷᠭᠡ ᠪᠠᠷ ᠣᠷᠣᠰᠢᠵᠤ ᠪᠠᠢᠨ᠎ᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠡᠷᠡᠰ ᠭᠤᠢᠪᠢᠰᠢ ᠦᠭᠡᠢ ᠥᠷᠭᠡᠳᠬᠡᠵᠦ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠢᠳᠡᠪᠬᠢᠲᠡᠢ ᠵᠣᠯᠭᠠᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠂ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠰᠢᠨ᠎ᠡ ᠡᠭᠦᠳᠦᠯᠲᠡ ᠲᠡᠢ ᠬᠥᠭᠵᠢᠯᠲᠡ᠎ᠶᠢᠨ ᠵᠢᠱ᠌ᠢᠶ᠎ᠡ ᠦᠵᠡᠭᠦᠯᠬᠦ ᠣᠷᠣᠨ ᠵᠡᠷᠭᠡ ᠲᠠᠪᠴᠠᠩ᠎ᠳᠤ ᠤᠷᠢᠳ᠎ᠢᠶᠡᠷ ᠬᠡᠷᠡᠭᠵᠢᠭᠦᠯᠵᠦ ᠤᠷᠢᠳ᠎ᠢᠶᠡᠷ ᠲᠤᠷᠰᠢᠬᠤ᠎ᠶᠢ ᠲᠦᠷᠭᠡᠳᠬᠡᠵᠦ᠂ ᠦᠢᠯᠡᠴᠢᠯᠡᠭᠡᠨ᠎ᠦ ᠵᠠᠬ᠎ᠠ ᠳᠡᠯᠭᠡᠭᠦᠷ᠎ᠦᠨ ᠨᠡᠭᠡᠭᠡᠯᠲᠡ᠎ᠶᠢ ᠡᠮᠬᠢ ᠵᠢᠷᠤᠮ᠎ᠲᠠᠢ ᠠᠬᠢᠭᠤᠯᠵᠤ᠂ ᠦᠢᠯᠡᠴᠢᠯᠡᠭᠡᠨ᠎ᠦ ᠠᠷᠠᠯᠵᠢᠶᠠᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠯᠤᠭ᠎ᠠ ᠪᠦᠬᠦ ᠪᠥᠮᠪᠥᠷᠴᠡᠭ᠎ᠦᠨ ᠦᠢᠯᠡᠴᠢᠯᠡᠭᠡᠨ᠎ᠦ ᠠᠷᠠᠯᠵᠢᠶᠠᠨ᠎ᠤ ᠨᠡᠭᠡᠭᠡᠯᠲᠡ ᠬᠢᠵᠦ ᠰᠢᠨ᠎ᠡ᠎ᠶᠢ ᠡᠭᠦᠳᠬᠦ ᠬᠠᠮᠲᠤᠷᠠᠯᠴᠠᠭ᠎ᠠ᠎ᠶᠢ ᠬᠠᠮᠲᠤ᠎ᠪᠠᠷ ᠠᠬᠢᠭᠤᠯᠵᠤ᠂ ᠨᠡᠭᠡᠭᠡᠯᠲᠡᠲᠤ ᠮᠠᠶᠢᠭ᠋᠎ᠤᠨ ᠳᠡᠯᠡᠬᠡᠢ᠎ᠶᠢᠨ ᠠᠵᠤ ᠠᠬᠤᠢ᠎ᠶᠢ ᠪᠠᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠰᠢᠨ᠎ᠡ ᠬᠥᠳᠡᠯᠭᠡᠭ᠌ᠴᠢ ᠬᠦᠴᠦᠨ ᠨᠡᠮᠡᠷᠢᠯᠡᠨ᠎ᠡ ᠭᠡᠵᠡᠢ᠃
2025 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ ᠲᠣᠰ ᠡᠳᠦᠷ ᠪᠡᠭᠡᠵᠢᠩ᠎ᠳᠦ ᠡᠬᠢᠯᠡᠪᠡ᠂ 《ᠳ᠋ᠢᠭᠢᠲ ᠪᠠ ᠣᠶᠤᠨ᠎ᠢᠶᠠᠷ ᠵᠠᠮᠴᠢᠯᠠᠭᠤᠯᠵᠤ᠂ ᠦᠢᠯᠡᠴᠢᠯᠡᠭᠡᠨ᠎ᠦ ᠠᠷᠠᠯᠵᠢᠶ᠎ᠠ᠎ᠶ᠋ᠢ ᠱᠢᠨᠡᠴᠢᠯᠡᠶᠡ》 ᠭᠡᠬᠦ ᠭᠣᠣᠯ ᠰᠡᠳᠦᠪ ᠲᠡᠢ ᠪᠠᠢᠵᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠪᠠ ᠪᠡᠭᠡᠵᠢᠩ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠪᠡ᠃