ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠦᠷᠦᠭᠦᠴᠦᠳ᠎ᠦᠨ ᠬᠤᠷᠠᠯ᠎ᠳᠤ ᠸᠢᠳᠢᠣ᠋᠎ᠪᠠᠷ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-09-25

      9 ᠳ᠋ᠦ᠍ᠭᠡᠷ ᠰᠠᠷ᠎ᠠ᠎ᠶᠢᠨ 24 ᠎ᠦ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠦᠷᠦᠭᠦᠴᠦᠳ᠎ᠦᠨ ᠬᠤᠷᠠᠯ᠎ᠳᠤ ᠸᠢᠳᠢᠣ᠋᠎ᠪᠠᠷ ᠶᠠᠷᠢᠶ᠎ᠠ ᠲᠠᠯᠪᠢᠪᠠ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ

      ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 24 ᠎ᠦ ᠡᠳᠦᠷ᠎ᠦᠨ ᠴᠠᠬᠢᠯᠭᠠᠨ ᠮᠡᠳᠡᠭᠡ  9 ᠳ᠋ᠦ᠍ᠭᠡᠷ ᠰᠠᠷ᠎ᠠ᠎ᠶᠢᠨ 24 ᠎ᠦ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠦᠷᠦᠭᠦᠴᠦᠳ᠎ᠦᠨ ᠬᠤᠷᠠᠯ᠎ᠳᠤ ᠸᠢᠳᠢᠣ᠋᠎ᠪᠠᠷ ᠶᠠᠷᠢᠶ᠎ᠠ ᠲᠠᠯᠪᠢᠪᠠ᠃

      ᠰᠢ ᠵᠢᠨ ᠫᠢᠩ ᠵᠢᠭᠠᠵᠤ ᠭᠠᠷᠭᠠᠬᠤ᠎ᠳᠤ᠎ᠪᠠᠨ᠂ ᠡᠨᠡ ᠵᠢᠯ ᠪᠣᠯ 《ᠫᠠᠷᠢᠰ᠎ᠤᠨ ᠬᠡᠯᠡᠯᠴᠡᠭᠡᠷ》 ᠲᠣᠭᠲᠠᠭᠰᠠᠨ 10 ᠵᠢᠯ᠎ᠦᠨ ᠣᠶ ᠪᠣᠯᠬᠤ ᠮᠥᠷᠲᠡᠭᠡᠨ ᠰᠢᠨ᠎ᠡ ᠨᠢᠭᠡ ᠡᠭᠡᠯᠵᠢ᠎ᠶᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠭᠠᠷᠭᠠᠬᠤ ᠴᠢᠬᠤᠯᠠ ᠵᠠᠩᠭᠢᠯᠠᠭ᠎ᠠ ᠪᠠᠢᠵᠤ᠂ ᠪᠥᠬᠥ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ ᠵᠠᠩᠭᠢᠯᠠᠭ᠎ᠠ᠎ᠶᠢᠨ ᠱᠠᠲᠤᠨ᠎ᠳᠤ ᠣᠷᠣᠪᠠ᠃ ᠨᠢᠭᠡ᠎ᠳᠦ᠂ ᠢᠲᠡᠭᠡᠯ ᠵᠣᠷᠢᠭ᠋᠎ᠢᠶᠠᠨ ᠪᠠᠲᠤᠳᠬᠠᠬᠤ ᠬᠡᠷᠡᠭᠲᠡᠢ᠃ ᠨᠣᠭᠣᠭᠠᠨ ᠪᠠ ᠳᠣᠣᠷ᠎ᠠ ᠨᠡᠭᠦᠷᠡᠰᠦᠲᠥ᠋ᠷᠥᠭᠴᠢᠲᠦ ᠲᠡᠢᠰᠢᠬᠢ ᠰᠢᠯᠵᠢᠯᠲᠡ ᠪᠣᠯ ᠴᠠᠭ ᠦᠶ᠎ᠡ᠎ᠶᠢᠨ ᠤᠷᠤᠰᠬᠠᠯ ᠮᠥᠨ᠃ ᠣᠨᠴᠠ ᠵᠠᠷᠢᠮ ᠤᠯᠤᠰ ᠤᠷᠤᠰᠬᠠᠯ ᠰᠥᠷᠴᠦ ᠪᠠᠢᠭ᠎ᠠ ᠪᠣᠯᠪᠠᠴᠤ ᠳᠡᠯᠡᠬᠡᠢ ᠨᠡᠢᠲᠡ᠎ᠪᠡᠷ᠎ᠢᠶᠡᠨ ᠵᠥᠪ ᠴᠢᠭᠯᠡᠯ᠎ᠢ ᠡᠵᠡᠮᠳᠡᠵᠦ᠂ ᠢᠲᠡᠭᠡᠯ ᠵᠣᠷᠢᠭ᠋᠎ᠢᠶᠠᠨ ᠭᠤᠢᠪᠢᠯᠵᠠᠭᠤᠯᠬᠤ ᠦᠭᠡᠢ᠂ ᠠᠵᠢᠯᠯᠠᠭ᠎ᠠ᠎ᠪᠠᠨ ᠵᠣᠭᠰᠣᠭᠠᠬᠤ ᠦᠭᠡᠢ᠂ ᠡᠷᠴᠢᠮ᠎ᠢᠶᠡᠨ ᠰᠤᠯᠠᠷᠠᠭᠤᠯᠬᠤ ᠦᠭᠡᠢ ᠪᠠᠢᠬᠤ᠎ᠶᠢ ᠪᠠᠷᠢᠮᠲᠠᠯᠠᠵᠤ᠂ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠭᠠᠷᠭᠠᠬᠤ᠎ᠶᠢ ᠲᠣᠭᠲᠠᠭᠠᠬᠤ ᠪᠠ ᠬᠡᠷᠡᠭᠵᠢᠭᠦᠯᠬᠦ᠎ᠪᠡᠨ ᠠᠬᠢᠭᠤᠯᠵᠤ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠬᠠᠮᠲᠤᠷᠠᠯᠴᠠᠭ᠎ᠠ᠎ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ᠃ ᠬᠣᠶᠠᠷ᠎ᠲᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠡᠷᠬᠡ ᠲᠡᠭᠰᠢ ᠲᠥᠪ ᠭᠣᠣᠯᠴᠢ ᠪᠠᠢᠬᠤ᠎ᠶᠢ ᠪᠠᠷᠢᠮᠲᠠᠯᠠᠵᠤ᠂ ᠬᠥᠭᠵᠢᠵᠦ ᠪᠠᠢᠭ᠎ᠠ ᠤᠯᠤᠰ᠎ᠤᠳ᠎ᠤᠨ ᠬᠥᠭᠵᠢᠯᠲᠡ᠎ᠶᠢᠨ ᠡᠷᠬᠡ᠎ᠶᠢ ᠭᠦᠢᠴᠡᠳ ᠬᠦᠨᠳᠦᠳᠬᠡᠵᠦ᠂ ᠪᠦᠬᠦ ᠪᠥᠮᠪᠥᠷᠴᠡᠭ᠎ᠦᠨ ᠨᠣᠭᠣᠭᠠᠨ ᠰᠢᠯᠵᠢᠯᠲᠡ᠎ᠪᠡᠷ ᠡᠮᠦᠨᠡᠲᠦ ᠤᠮᠠᠷᠠᠲᠤ᠎ᠶᠢᠨ ᠵᠥᠷᠢᠶ᠎ᠡ᠎ᠶᠢ ᠪᠠᠭᠠᠰᠬᠠᠬᠤ᠎ᠠᠴᠠ ᠪᠢᠰᠢ ᠥᠷᠭᠡᠳᠬᠡᠬᠦ ᠦᠭᠡᠢ᠃ ᠡᠯ᠎ᠡ ᠤᠯᠤᠰ᠎ᠤᠨ ᠬᠢᠨ ᠬᠠᠮᠲᠤ᠎ᠶᠢᠨ ᠬᠢ ᠪᠣᠯᠪᠠᠴᠤ ᠢᠯᠭᠠᠭ᠎ᠠ᠎ᠲᠠᠢ ᠪᠠᠢᠳᠠᠭ ᠬᠠᠷᠢᠭᠤᠴᠠᠯᠭ᠎ᠠ᠎ᠶᠢᠨ ᠵᠠᠷᠴᠢᠮ᠎ᠢ ᠪᠠᠷᠢᠮᠲᠠᠯᠠᠵᠤ᠂ ᠬᠥᠭᠵᠢᠭᠰᠡᠨ ᠤᠯᠤᠰ᠎ᠤᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠤᠷᠢᠳ᠎ᠢᠶᠠᠷ ᠪᠠᠭᠠᠰᠬᠠᠬᠤ ᠡᠭᠦᠷᠭᠡ᠎ᠪᠡᠨ ᠨᠠᠢᠳᠠᠪᠤᠷᠢᠵᠢᠭᠤᠯᠵᠤ᠂ ᠬᠥᠭᠵᠢᠵᠦ ᠪᠠᠢᠭ᠎ᠠ ᠤᠯᠤᠰ᠎ᠤᠳ᠎ᠲᠤ ᠨᠡᠩ ᠤᠯᠠᠨ ᠪᠡᠯᠡ ᠮᠥᠩᠭᠥ ᠪᠠ ᠮᠡᠷᠭᠡᠵᠢᠯ᠎ᠦᠨ ᠳᠡᠮᠵᠢᠯᠭᠡ ᠬᠠᠩᠭᠠᠬᠤ ᠬᠡᠷᠡᠭᠲᠡᠢ᠃ ᠭᠤᠷᠪᠠ᠎ᠳᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ ᠬᠡᠷᠡᠭᠲᠡᠢ᠃ ᠨᠣᠭᠣᠭᠠᠨ ᠮᠡᠷᠭᠡᠵᠢᠯ ᠪᠠ ᠠᠵᠤ ᠦᠢᠯᠡᠰ᠎ᠦᠨ ᠤᠯᠠᠨ ᠤᠯᠤᠰ᠎ᠤᠨ ᠬᠠᠮᠵᠢᠯᠴᠠᠭ᠎ᠠ᠎ᠶᠢ ᠴᠢᠩᠭᠠᠳᠬᠠᠵᠤ᠂ ᠨᠣᠭᠣᠭᠠᠨ ᠦᠢᠯᠡᠳᠪᠦᠷᠢᠯᠡᠬᠦ ᠴᠢᠳᠠᠮᠵᠢ᠎ᠶᠢᠨ ᠳᠤᠲᠠᠭᠤᠳᠠᠯ᠎ᠢ ᠴᠢᠷᠮᠠᠢᠨ ᠨᠥᠬᠥᠪᠦᠷᠢᠯᠡᠵᠦ᠂ ᠴᠢᠨᠠᠷ ᠰᠠᠢᠲᠠᠢ ᠨᠣᠭᠣᠭᠠᠨ ᠦᠢᠯᠡᠳᠬᠦᠨ᠎ᠢ ᠪᠦᠬᠦ ᠪᠥᠮᠪᠥᠷᠴᠡᠭ᠎ᠲᠦ ᠴᠢᠯᠦᠭᠡᠲᠡᠢ ᠭᠦᠢᠯᠭᠡᠭᠡᠯᠡᠬᠦ᠎ᠪᠡᠨ ᠪᠠᠲᠤᠯᠠᠵᠤ᠂ ᠨᠣᠭᠣᠭᠠᠨ ᠬᠥᠭᠵᠢᠯᠲᠡ᠎ᠪᠡᠷ ᠳᠡᠯᠡᠬᠡᠢ᠎ᠶᠢᠨ ᠭᠠᠵᠠᠷ ᠪᠣᠯᠭᠠᠨ᠎ᠳᠤ ᠦᠨᠡᠨ ᠬᠦ᠌ ᠠᠰᠢᠭ᠋ ᠬᠦᠷᠲᠡᠭᠡᠨ᠎ᠡ ᠭᠡᠪᠡ᠃

      ᠰᠢ ᠵᠢᠨ ᠫᠢᠩ ᠳᠤᠮᠳᠠᠳᠤ ᠤᠯᠤᠰ᠎ᠤᠨ ᠰᠢᠨ᠎ᠡ ᠨᠢᠭᠡ ᠡᠭᠡᠯᠵᠢ᠎ᠶᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠭᠠᠷᠭᠠᠬᠤ᠎ᠶᠢ ᠵᠠᠷᠯᠠᠪᠠ᠄ 2035 ᠣᠨ ᠪᠣᠯᠬᠤ᠎ᠳᠤ᠂ ᠳᠤᠮᠳᠠᠳᠤ ᠤᠯᠤᠰ᠎ᠤᠨ ᠪᠥᠬᠥ ᠠᠵᠤ ᠠᠬᠤᠢ᠎ᠶᠢᠨ ᠬᠡᠪᠴᠢᠶᠡᠨ᠎ᠳᠡᠬᠢ ᠬᠦᠯᠡᠮᠵᠢ᠎ᠶᠢᠨ ᠬᠡᠢ ᠪᠡᠶᠡᠲᠦ᠎ᠶᠢᠨ ᠴᠡᠪᠡᠷ ᠭᠠᠳᠠᠭᠰᠢᠯᠠᠭᠤᠯᠤᠯᠲᠠ᠎ᠶᠢᠨ ᠬᠡᠮᠵᠢᠶ᠎ᠡ᠎ᠪᠡᠨ ᠣᠷᠭᠢᠯ᠎ᠤᠨ ᠬᠡᠮᠵᠢᠭᠳᠡᠯ᠎ᠡᠴᠡ 7%–10% ᠪᠡᠷ ᠪᠠᠭᠤᠷᠠᠭᠤᠯᠵᠤ᠂ ᠤᠯᠠᠮ ᠰᠠᠢᠨ ᠬᠢᠬᠦ᠎ᠪᠡᠷ ᠴᠢᠷᠮᠠᠢᠵᠤ ᠪᠠᠢᠨ᠎ᠠ᠃ ᠡᠨᠧᠷᠭᠢ᠎ᠶᠢᠨ ᠬᠡᠷᠡᠭᠯᠡᠭᠡ᠎ᠶᠢᠨ ᠶᠡᠷᠦᠩᠬᠡᠢ ᠬᠡᠮᠵᠢᠶ᠎ᠡ᠎ᠳᠡᠬᠢ ᠴᠢᠯᠠᠭᠤᠵᠢᠮᠠᠯ ᠪᠤᠰᠤ ᠡᠨᠧᠷᠭᠢ᠎ᠶᠢᠨ ᠬᠡᠷᠡᠭᠯᠡᠭᠡ᠎ᠶᠢᠨ ᠬᠤᠪᠢ᠎ᠶᠢᠨ ᠵᠢᠩ᠎ᠢ 30% ᠎ᠡᠴᠡ ᠳᠡᠭᠡᠭᠰᠢ ᠪᠠᠢᠯᠭᠠᠵᠤ᠂ ᠰᠠᠯᠬᠢᠨ ᠬᠦᠴᠦ᠎ᠪᠡᠷ ᠪᠠ ᠨᠡᠷᠡᠨ ᠡᠨᠧᠷᠭᠢ᠎ᠪᠡᠷ ᠴᠠᠬᠢᠯᠭᠠᠨ ᠭᠠᠷᠭᠠᠬᠤ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠪᠠᠭᠲᠠᠭᠠᠮᠵᠢ᠎ᠶᠢ 2020 ᠣᠨ᠎ᠤ ᠬᠢ᠎ᠡᠴᠡ 6 ᠳᠠᠬᠢᠨ᠎ᠠᠴᠠ ᠳᠡᠭᠡᠭᠰᠢ᠎ᠳᠦ ᠬᠦᠷᠭᠡᠵᠦ᠂ 36 ᠳ᠋ᠦᠩᠰᠢᠭᠤᠷ ᠺᠢᠯᠣᠸᠠᠲ᠎ᠲᠤ ᠬᠦᠷᠭᠡᠬᠦ᠎ᠪᠡᠷ ᠴᠢᠷᠮᠠᠢᠵᠤ ᠪᠠᠢᠨ᠎ᠠ᠂ ᠤᠢ ᠰᠢᠭᠤᠢ᠎ᠶᠢᠨ ᠬᠠᠳᠠᠭᠠᠯᠠᠭᠳᠠᠴᠠ᠎ᠶᠢᠨ ᠬᠡᠮᠵᠢᠶ᠎ᠡ᠎ᠶᠢ 240 ᠳ᠋ᠦᠩᠰᠢᠭᠤᠷ ᠺᠦᠪ ᠮᠧᠲᠷ᠎ᠡᠴᠡ ᠳᠡᠭᠡᠭᠰᠢ᠎ᠳᠦ ᠬᠦᠷᠭᠡᠵᠦ᠂ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠰᠢᠨ᠎ᠡ᠎ᠪᠡᠷ ᠪᠣᠷᠣᠯᠠᠭᠤᠯᠬᠤ ᠲᠡᠷᠭᠡ ᠬᠥᠰᠬᠡᠨ᠎ᠦ ᠭᠣᠣᠯ ᠤᠷᠤᠰᠬᠠᠯ ᠪᠣᠯᠭᠠᠵᠤ᠂ ᠪᠣᠬᠢᠷᠲᠤᠯ ᠶᠡᠬᠡᠲᠡᠢ ᠭᠣᠣᠯ ᠪᠣᠯᠬᠤ ᠠᠵᠢᠯ ᠲᠥᠷᠥᠯ᠎ᠢ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠬᠠᠮᠤᠷᠤᠭᠤᠯᠵᠤ᠂ ᠠᠭᠤᠷ ᠠᠮᠢᠰᠬᠤᠯ᠎ᠳᠤ ᠵᠣᠬᠢᠴᠠᠬᠤᠢᠴᠠ ᠨᠡᠢᠭᠡᠮ᠎ᠢ ᠦᠨᠳᠦᠰᠦᠨ᠎ᠳᠦ᠎ᠪᠡᠨ ᠪᠠᠢᠭᠤᠯᠤᠨ᠎ᠠ᠃

      ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠡᠨᠡ ᠪᠣᠯ ᠳᠤᠮᠳᠠᠳᠤ ᠤᠯᠤᠰ 《ᠫᠠᠷᠢᠰ᠎ᠤᠨ ᠬᠡᠯᠡᠯᠴᠡᠭᠡᠷ》᠎ᠤᠨ ᠱᠠᠭᠠᠷᠳᠠᠯᠭ᠎ᠠ ᠯᠤᠭ᠎ᠠ ᠬᠠᠷᠢᠴᠠᠭᠤᠯᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠲᠣᠭᠲᠠᠭᠠᠭᠰᠠᠨ ᠬᠠᠷᠠᠯᠲᠠ᠎ᠪᠠᠨ ᠢᠯᠡᠷᠡᠭᠦᠯᠵᠦ ᠪᠠᠢᠭ᠎ᠠ ᠶᠠᠪᠤᠳᠠᠯ ᠮᠥᠨ᠃ ᠡᠨᠡ ᠬᠦ᠌ ᠬᠠᠷᠠᠯᠲᠠ᠎ᠶᠢ ᠪᠡᠶᠡᠯᠡᠭᠦᠯᠬᠦ᠎ᠳᠦ ᠳᠤᠮᠳᠠᠳᠤ ᠤᠯᠤᠰ ᠥᠪᠡᠷ᠎ᠢᠶᠡᠨ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠮᠥᠷᠲᠡᠭᠡᠨ ᠡᠭᠦᠨ᠎ᠳᠦ ᠠᠰᠢᠭ᠍ᠲᠠᠢ ᠪᠠ ᠨᠡᠭᠡᠭᠡᠯᠲᠡᠲᠡᠢ ᠳᠡᠯᠡᠬᠡᠢ᠎ᠶᠢᠨ ᠣᠷᠴᠢᠨ ᠨᠥᠬᠥᠴᠡᠯ᠎ᠢ ᠴᠦ᠍ ᠬᠡᠷᠡᠭᠰᠡᠨ᠎ᠡ᠃ ᠳᠤᠮᠳᠠᠳᠤ ᠤᠯᠤᠰ ᠠᠮᠠᠯᠠᠯᠲᠠ᠎ᠪᠠᠨ ᠪᠡᠶᠡᠯᠡᠭᠦᠯᠬᠦ ᠵᠣᠷᠢᠭ᠋ ᠪᠠ ᠢᠲᠡᠭᠡᠯ ᠪᠣᠢ᠃ ᠡᠯ᠎ᠡ ᠲᠠᠯ᠎ᠠ᠎ᠶᠢᠨ ᠬᠢᠨ ᠢᠳᠡᠪᠬᠢᠲᠡᠢ᠎ᠪᠡᠷ ᠬᠥᠳᠡᠯᠦᠯᠴᠡᠵᠦ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ ᠲᠠᠢ᠎ᠪᠠᠷ ᠬᠠᠮᠲᠤ ᠣᠷᠣᠰᠢᠬᠤ ᠰᠠᠢᠨ ᠰᠠᠢᠬᠠᠨ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠪᠡᠨ ᠠᠬᠢᠭᠤᠯᠵᠤ᠂ ᠪᠢᠳᠡᠨ᠎ᠦ ᠬᠠᠮᠲᠤ᠎ᠶᠢᠨ ᠭᠡᠷ ᠣᠷᠣᠨ ᠪᠣᠯᠬᠤ ᠪᠥᠮᠪᠥᠷᠴᠡᠭ᠎ᠢᠶᠡᠨ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃

ᠢᠷᠡᠯᠲᠡ᠄       