ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ 2024 ᠣᠨ᠎ᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠮᠡᠳᠡᠭᠦᠯᠦᠯᠲᠡ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-01-27

      ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ 2024 ᠣᠨ᠎ᠤ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠮᠡᠳᠡᠭᠦᠯᠦᠯᠲᠡ ᠵᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠬᠤᠷᠠᠯ᠎ᠳᠤ ᠣᠷᠣᠯᠴᠠᠭᠰᠠᠨ ᠪᠥᠭᠡᠳ ᠠᠬᠠᠮᠠᠳ ᠺᠠᠳ᠋ᠷᠴᠤᠳ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠸᠠᠩ ᠪᠢᠨ ᠬᠤᠷᠠᠯ᠎ᠢ ᠡᠷᠭᠢᠯᠡᠵᠦ᠂ ᠲᠢᠩᠬᠢᠮ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠣᠯᠤᠨ ᠠᠬᠠᠮᠠᠳ ᠺᠠᠳ᠋ᠷᠴᠤᠳ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃

退休1.jpg


      ᠬᠤᠷᠠᠯ ᠳᠡᠭᠡᠷ᠎ᠡ᠂ 2024 ᠣᠨ ᠎ᠤ  ᠪᠦᠬᠦ   ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ ᠪᠣᠯᠤᠨ ᠠᠬᠠᠮᠠᠳ ᠺᠠᠳ᠋ᠷ᠎ᠤᠨ ᠠᠵᠢᠯ᠎ᠤᠨ ᠪᠠᠶ᠋ᠢᠳᠠᠯ᠎ᠢ ᠮᠡᠳᠡᠭᠳᠡᠪᠡ᠃ ᠵᠧᠩ ᠭᠤᠸᠠᠩ ᠵᠣᠣ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠵᠢᠯ᠎ᠠᠴᠠ᠎ᠪᠠᠨ  ᠠᠮᠠᠷᠠᠭᠰᠠᠨ  ᠪᠠᠭᠤᠭᠰᠠᠨ ᠺᠠᠳ᠋ᠷᠴᠤᠳ᠎ᠤᠨ ᠨᠠᠮ ᠎ᠤᠨ ᠬᠣᠷᠢᠶ᠎ᠠ

《ᠪᠥᠬᠥ ᠤᠯᠤᠰ᠎ᠤᠨ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠺᠠᠳ᠋ᠷᠴᠤᠳ᠎ᠤᠨ ᠲᠡᠷᠢᠭᠦᠨ᠎ᠤ ᠬᠠᠮᠲᠤ ᠨᠢᠭᠡᠴᠢ》 ᠵᠢᠨ ᠴᠣᠯᠠ ᠭᠥᠷᠳᠡᠭᠰᠡᠨ᠎ᠳᠤ ᠪᠠᠶᠠᠷ ᠬᠦᠷᠭᠡᠵᠦ᠂ ᠪᠥᠬᠥ ᠠᠬᠠᠮᠠᠳ ᠺᠠᠳ᠋ᠷ ᠵᠢᠴᠢ ᠬᠡᠷ ᠪᠦᠯᠢ ᠵᠢᠨ᠎ᠬᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠵᠦ᠂ ᠲᠡᠳᠡᠨ᠎ᠤ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠪᠠᠲᠤ ᠪᠠᠬᠢ ᠰᠠᠭᠤᠷᠢ ᠲᠠᠯᠪᠢᠭᠰᠠᠨ ᠪᠠ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠬᠤᠷᠠᠯ᠎ᠳᠤ ᠣᠷᠣᠯᠴᠠᠭᠰᠠᠨ ᠠᠬᠠᠮᠠᠳ ᠺᠠᠳ᠋ᠷᠴᠤᠳ᠎ᠤᠨ ᠲᠥᠯᠥᠭᠡᠯᠡᠭᠴᠢ᠂ 2024 ᠣᠨ᠎ᠳᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ ᠪᠣᠯᠤᠨ ᠡᠩᠨᠡᠭᠡ ᠵᠢᠨ ᠪᠠᠶ᠋ᠢᠭᠤᠯᠤᠯᠲᠠ ᠠᠯᠢ ᠣᠯᠠᠨ ᠰᠢᠨ᠎ᠡ ᠦᠷ᠎ᠡ ᠪᠦᠲᠦᠮᠵᠢ ᠣᠯᠵᠤ᠂ ᠡᠯ᠎ᠡ ᠵᠦᠢ᠍ᠯ᠎ᠤᠨ ᠠᠵᠢᠯ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ᠂ ᠤᠷᠤᠭᠰᠢᠯᠠᠯᠲᠠ ᠵᠢᠨ ᠳᠤᠮᠳᠠ ᠶᠠᠰᠤ ᠴᠢᠨᠠᠷ᠎ᠢ ᠳᠡᠭᠡᠭᠰᠢᠯᠡᠭᠦᠯᠵᠦ᠂ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠠᠬᠠᠮᠠᠳ ᠺᠠᠳ᠋ᠷ ᠪᠣᠯᠤᠭᠰᠠᠨ᠎ᠤ ᠬᠤᠪᠢ᠎ᠳᠤ ᠦᠷᠭᠦᠯᠵᠢᠯᠡᠨ ᠠᠪᠢᠶᠠᠰ ᠪᠢᠯᠢᠭ ᠵᠶ᠋ᠡᠨ ᠪᠠᠳᠠᠷᠠᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠬᠥᠭᠵᠢᠯᠲᠡ ᠳᠠᠪᠰᠢᠯᠲᠠ᠎ᠳᠤ ᠬᠦᠴᠦ ᠨᠡᠮᠡᠷᠢᠯᠡᠨ᠎ᠡ ᠭᠡᠵᠦ ᠢᠯᠡᠳᠬᠡᠪᠡ᠃

 

退休2.jpg


      ᠵᠧᠩ ᠭᠤᠸᠠᠩ ᠵᠤᠤ᠂ ᠠᠬᠠᠮᠠᠳ ᠺᠠᠳ᠋ᠷ᠎ᠤᠨ ᠠᠵᠢᠯ ᠪᠣᠯ ᠨᠠᠮ᠎ᠤᠨ ᠺᠠᠳ᠋ᠷ᠎ᠤᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠬᠠᠮᠠᠳ ᠨᠥᠬᠥᠳ᠎ᠢ ᠬᠦᠨᠳᠦᠳᠬᠡᠵᠦ᠂ ᠠᠬᠠᠮᠠᠳ ᠨᠥᠬᠥᠳ᠎ᠢ ᠬᠠᠯᠠᠮᠵᠢᠯᠠᠵᠤ᠂ ᠠᠬᠠᠮᠠᠳ ᠨᠥᠬᠥᠳ᠎ᠢ ᠬᠠᠷᠠᠭ᠋ᠠᠯᠵᠠᠬᠤ ᠪᠣᠯ ᠮᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠃ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠬᠠᠮᠠᠳ ᠺᠠᠳ᠋ᠷ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠠᠵᠢᠯ᠎ᠠᠴᠠ᠎ᠪᠠᠨ ᠠᠮᠠᠷᠠᠭᠰᠠᠨ ᠪᠠᠭᠤᠭᠰᠠᠨ ᠺᠠᠳ᠋ᠷᠴᠤᠳ᠎ᠤᠨ 《ᠬᠣᠣᠰ ᠲᠡᠷᠢᠭᠦᠨ》᠎ᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠳᠬᠢᠯ᠎ᠳᠤ᠎ᠪᠠᠨ ᠠᠪᠬᠤ᠎ᠠᠴᠠ ᠪᠣᠳᠠᠲᠠᠢ ᠬᠢᠵᠦ᠂ ᠨᠠᠷᠢᠯᠢᠭ ᠣᠨᠣᠪᠴᠢᠲᠠᠢ ᠪᠠᠶ᠋ᠢᠬᠤ ᠳᠤᠮᠳᠠ ᠠᠬᠠᠮᠠᠳ ᠺᠠᠳ᠋ᠷ᠎ᠤᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ᠎ᠢ ᠰᠠᠨᠠᠭ᠎ᠠ ᠠᠮᠤᠷ ᠪᠠᠶ᠋ᠢᠯᠭ᠋ᠠᠵᠤ᠂ ᠠᠬᠠᠮᠠᠳ ᠺᠠᠳ᠋ᠷ᠎ᠢ ᠰᠡᠳᠬᠢᠯ ᠬᠠᠨᠤᠮᠵᠢᠲᠠᠢ ᠪᠠᠶ᠋ᠢᠯᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠠᠬᠠᠮᠠᠳ ᠺᠠᠳ᠋ᠷᠴᠤᠳ᠎ᠤᠨ ᠥᠪᠡᠷᠮᠢᠴᠡ ᠤᠯᠤᠰ ᠲᠥᠷᠥ ᠵᠢᠨ ᠳᠠᠪᠠᠭᠤᠯᠢᠭ᠂ ᠲᠤᠷᠰᠢᠯᠭ᠎ᠠ ᠵᠢᠨ ᠳᠠᠪᠠᠭᠤᠯᠢᠭ᠂ ᠨᠡᠷ᠎ᠡ ᠬᠦᠨᠳᠦ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠠᠬᠠᠮᠠᠳ ᠺᠠᠳ᠋ᠷᠴᠤᠳ᠎ᠤᠨ ᠴᠢᠳᠠᠪᠤᠷᠢᠲᠠᠨ᠎ᠤ ᠡᠩᠨᠡᠭᠡ ᠵᠢ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠂ ᠠᠬᠠᠮᠠᠳ ᠺᠠᠳ᠋ᠷᠴᠤᠳ᠎ᠤᠨ ᠰᠠᠨᠠᠯ ᠰᠠᠨᠠᠭᠤᠯᠭ᠎ᠠ ᠳᠤᠷᠠᠳᠬᠤ᠂ ᠰᠠᠶ᠋ᠢᠨ ᠠᠷᠭ᠎ᠠ ᠪᠣᠳᠣᠯᠭ᠎ᠠ ᠭᠠᠷᠭ᠋ᠠᠬᠤ ᠠᠷᠭ᠎ᠠ ᠵᠠᠮ᠎ᠤᠨ ᠲᠠᠪᠴᠠᠩ᠎ᠢ ᠰᠠᠶ᠋ᠢᠲᠤᠷ ᠪᠠᠶ᠋ᠢᠭᠤᠯᠵᠤ᠂ ᠠᠬᠠᠮᠠᠳ ᠺᠠᠳ᠋ᠷᠴᠤᠳ᠎ᠢ ᠬᠠᠪᠰᠤᠷᠤᠨ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨ᠎ᠡ ᠴᠢᠨᠠᠷ ᠴᠢᠨᠰᠠᠭ᠎ᠠ ᠳᠠᠶ᠋ᠢᠴᠢᠨ ᠬᠦᠴᠦᠨ᠎ᠢ ᠳᠡᠭᠡᠭᠰᠢᠯᠡᠭᠦᠯᠬᠦ ᠳᠤᠮᠳᠠ ᠦᠢᠯᠡᠳᠦᠯ ᠵᠶ᠋ᠠᠨ ᠪᠠᠳᠠᠷᠠᠭᠤᠯᠵᠤ᠂ ᠳᠠᠪᠠᠭᠤᠯᠢᠭ ᠵᠶ᠋ᠠᠨ ᠪᠠᠳᠠᠷᠠᠭᠤᠯᠬᠤ ᠬᠡᠷᠡᠭᠲᠡᠶ᠃ ᠠᠵᠢᠯ᠎ᠠᠴᠠ᠎ᠪᠠᠨ ᠲᠠᠷᠬᠠᠯᠠᠬᠳᠠᠬᠰᠠᠨ ᠪᠠ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠡᠯ᠎ᠡ ᠵᠦᠢ᠍ᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩ ᠰᠡᠳᠬᠢᠯ᠎ᠠᠴᠠ᠎ᠪᠠᠨ ᠨᠠᠷᠢᠨ ᠣᠨᠣᠪᠴᠢᠲᠠᠢ ᠰᠠᠶ᠋ᠢᠲᠤᠷ ᠬᠢᠵᠦ᠂ ᠡᠷᠡᠭᠦᠯ ᠮᠡᠨᠳᠤ ᠵᠢᠨ ᠠᠰᠠᠭᠤᠨ ᠯᠠᠪᠯᠠᠯᠲᠠ᠂ ᠡᠮᠴᠢᠯᠡᠭᠡᠨ᠎ᠤ ᠰᠤᠪᠢᠯᠠᠯᠲᠠ᠂ ᠰᠡᠳᠬᠢᠴᠡ ᠵᠢᠨ ᠵᠢᠯᠤᠭᠤᠳᠤᠯᠭ᠎ᠠ ᠵᠡᠷᠭᠡ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠠᠬᠠᠮᠠᠳ ᠺᠠᠳ᠋ᠷᠴᠤᠳ᠎ᠲᠤ ᠦᠨᠡᠨ ᠬᠦ᠌ ᠪᠣᠳᠠᠲᠠᠢ ᠶᠠᠪᠤᠳᠠᠯ ᠬᠢᠵᠦ᠂ ᠰᠠᠢ᠍ᠢ᠍ᠨ ᠶᠠᠪᠤᠳᠠᠯ ᠬᠢᠵᠦ᠂ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠠᠬᠠᠮᠠᠳ ᠺᠠᠳ᠋ᠷᠴᠤᠳ᠎ᠲᠤ ᠦᠨᠡᠨ ᠬᠦ᠌ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠮᠡᠳᠡᠷᠡᠭᠦᠯᠵᠦ᠂ ᠥᠲᠡᠯᠦᠭᠡ ᠨᠠᠰᠤ᠎ᠪᠠᠨ ᠨᠡᠩ ᠰᠠᠨᠠᠭ᠎ᠠ ᠠᠮᠤᠷ᠂ ᠲᠠᠭ᠋ᠠᠯᠠᠮᠵᠢᠲᠠᠢ᠂ ᠬᠠᠯᠠᠭᠤᠨ ᠳᠤᠯᠠᠭ᠋ᠠᠨ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ