2025 ᠣᠨ᠎ᠤ 2 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠢᠷᠢᠰ ᠴᠢᠬᠤᠯᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠤᠯᠠᠮᠵᠢᠯᠠᠨ ᠲᠤᠭᠤᠰᠢᠯᠠᠭᠤᠯᠵᠤ᠂ ᠠᠵᠢᠯ ᠵᠶ᠋ᠠᠨ ᠳ᠋ᠦᠩᠨᠡᠨ ᠪᠠᠶ᠋ᠢᠳᠠᠯ᠎ᠢ ᠵᠠᠳᠠᠯᠬᠤ ᠵᠢᠨ ᠬᠠᠮᠲᠤ 2025 ᠣᠨ᠎ᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠲᠢᠩᠬᠢᠮ᠎ᠤᠨ ᠪᠠᠶ᠋ᠢᠩᠭᠤ ᠵᠢᠨ ᠳᠡᠳ᠋ ᠳᠠᠷᠤᠭ᠎ᠠ ᠯᠢᠦ ᠬᠣᠩ ᠬᠤᠷᠠᠯ᠎ᠢ ᠡᠷᠭᠢᠯᠡᠪᠡ᠃

ᠬᠤᠷᠠᠯ ᠳᠡᠭᠡᠷ᠎ᠡ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ᠂ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠣᠪᠴᠢᠶᠠᠨ ᠳᠠᠷᠤᠭ᠎ᠠ ᠨᠠᠷ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠤᠯᠠᠮᠵᠢᠯᠠᠪᠠ᠃ ᠬᠥᠬᠡᠬᠣᠲᠠ᠂ ᠲᠦᠩᠯᠢᠶᠣᠤ ᠬᠣᠲᠠ᠂ ᠰᠢᠯᠢ ᠵᠢᠨ ᠭᠤᠤᠯ ᠠᠶ᠋ᠢᠮᠠᠭ᠂ ᠤᠯᠠᠭ᠋ᠠᠨᠴᠠᠪ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠣᠰ ᠲᠣᠰ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠬᠤᠷᠠᠯ᠎ᠠᠴᠠ᠂ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ ᠴᠠᠭᠳᠠᠭ᠎ᠠ ᠵᠢ ᠳᠠᠶ᠋ᠢᠴᠢᠯᠠᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢᠯ᠎ᠤᠨ ᠠᠵᠢᠯ᠎ᠳᠤ ᠣᠷᠣᠯᠴᠠᠭᠤᠯᠵᠤ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠣᠯᠤᠨ ᠠᠷᠠᠳ ᠲᠦᠮᠡᠨ᠎ᠳᠤ ᠠᠮᠤᠷ ᠠᠮᠤᠭᠤᠯᠠᠩ ᠬᠠᠷᠢᠭᠤᠯᠲᠠ ᠵᠢᠨ ᠬᠠᠭᠤᠳᠠᠰᠤ ᠲᠤᠰᠢᠶᠠᠭᠰᠠᠨ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠨᠡ ᠵᠢᠯ ᠪᠣᠯ 《〈ᠳᠥᠷᠪᠡᠨ ᠰᠢᠨ᠎ᠡ〉ᠵᠢ ᠦᠢ᠍ᠯᠡᠳᠦᠯᠭᠡᠵᠢᠭᠦᠯᠵᠦ᠂ ᠰᠢᠪᠲᠤᠯᠤᠯᠲᠠ ᠭᠠᠷᠭ᠋ᠠᠵᠤ ᠳᠡᠭᠡᠭᠰᠢᠯᠡᠭᠦᠯᠬᠦ》 ᠵᠠᠩᠭᠢᠯᠠᠭ᠎ᠠ ᠵᠢᠨ ᠨᠢᠭᠡ ᠵᠢᠯ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠪᠠᠷ ᠠᠵᠢᠯ᠎ᠤᠨ ᠰᠠᠭᠤᠷᠢ ᠴᠡᠭ ᠪᠣᠯᠭ᠋ᠠᠵᠤ᠂ 《ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶ᠋ᠢᠲ᠋ᠠ》 ᠵᠢᠨ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠋ᠠᠨ᠎ᠤ ᠵᠠᠭᠪᠤᠷ᠎ᠢ ᠠᠬᠢᠭᠤᠯᠬᠤ᠎ᠪᠠᠷ ᠬᠥᠲᠥᠯᠦᠮᠵᠢ ᠪᠣᠯᠭ᠋ᠠᠵᠤ᠂ 《ᠳᠥᠷᠪᠡᠨ ᠰᠢᠨ᠎ᠡ》 ᠵᠢ ᠰᠠᠶ᠋ᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ᠤᠯᠤᠰ ᠲᠥᠷᠥ ᠵᠢᠨ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ᠂ ᠨᠡᠶ᠋ᠢᠲᠡ ᠵᠢᠨ ᠠᠮᠤᠷ ᠲᠦᠪᠰᠢᠨ᠂ ᠬᠥᠭᠵᠢᠯᠲᠡ᠎ᠳᠤ ᠦᠢᠯᠡᠴᠢᠯᠡᠬᠦ ᠳᠥᠷᠪᠡᠨ ᠶᠡᠬᠡ ᠡᠭᠦᠷᠭᠡ ᠴᠢᠳᠠᠪᠤᠷᠢ ᠵᠢᠨ ᠰᠢᠰᠲ᠋ᠧᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠲᠦᠷᠭᠡᠳᠬᠡᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠵᠢ ᠰᠡᠷᠭᠡᠢ᠍ᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠪᠦᠬᠦᠯᠢ ᠴᠣᠭᠴᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠬᠥᠲᠥᠯᠥᠨ ᠳᠠᠭ᠋ᠠᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠥᠨᠳᠥᠷ ᠲᠦᠪᠰᠢᠨ ᠵᠶ᠋ᠠᠷ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠵᠢᠯ ᠪᠦᠷᠢ ᠬᠡᠳᠦᠨ ᠠᠰᠠᠭᠤᠳᠠᠯ᠎ᠢ ᠤᠨᠢᠨ ᠳᠡᠭᠡᠷ᠎ᠡ᠎ᠨᠢ ᠰᠢᠢ᠍ᠳᠪᠦᠷᠢᠯᠡᠬᠦ》 ᠵᠢ ᠪᠠᠷᠢᠮᠲᠠᠯᠠᠵᠤ᠂ 《ᠦᠷ᠎ᠡ ᠠᠰᠢᠭ᠎ᠢ ᠣᠯᠵᠤ ᠬᠠᠷᠠᠬᠤ》 ᠭᠣᠣᠯᠳᠠᠯᠭ᠎ᠠ᠎ᠲᠠᠢ ᠡᠭᠦᠷᠭᠡ᠂ ᠭᠣᠣᠯᠳᠠᠯᠭ᠎ᠠ᠎ᠲᠠᠢ ᠪᠣᠳᠠᠲᠤ ᠶᠠᠪᠤᠳᠠᠯ᠎ᠤᠨ ᠨᠠᠷᠢᠨ ᠲᠠᠩᠰᠠ ᠵᠢᠨ ᠲᠦᠷᠢᠮ᠎ᠢ ᠭᠦᠨᠵᠡᠭᠡᠢ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠭᠣᠣᠯ ᠬᠠᠷᠢᠭᠤᠴᠠᠯᠭ᠎ᠠ ᠭᠣᠣᠯ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠳᠠᠯᠳᠠ ᠭᠡᠮ᠎ᠢ ᠰᠡᠷᠭᠡᠶ᠋ᠢᠯᠡᠨ ᠡᠵᠡᠮᠳᠡᠬᠦ ᠰᠠᠭᠤᠷᠢ ᠵᠢ ᠠᠳᠬᠤᠬᠤ᠂ ᠰᠢᠨ᠎ᠡ ᠴᠢᠨᠠᠷ ᠪᠦᠬᠦᠢ ᠲᠠᠢ᠍ᠢ᠍ᠴᠢᠨ ᠬᠦᠴᠦᠨ᠎ᠢ ᠪᠣᠶ᠋ᠢᠵᠢᠭᠤᠯᠬᠤ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ᠂ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠬᠦ ᠵᠢ ᠭᠦᠨᠵᠡᠭᠡᠢ ᠠᠭᠤᠰᠤᠯᠴᠠᠭᠤᠯᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠪᠠᠲᠤᠯᠠᠭ᠎ᠠ ᠵᠢ ᠴᠢᠩᠭ᠋ᠠᠳᠬᠠᠬᠤ ᠵᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ ᠰᠢᠨ᠎ᠡ ᠬᠥᠭᠵᠢᠯᠲᠡ ᠲᠠᠪᠰᠢᠯᠳᠠ᠎ᠲᠠᠢ ᠪᠣᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠣᠯ ᠮᠤᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠤᠷᠤᠰᠬᠠᠯ᠎ᠳᠤ ᠣᠷᠣᠬᠤ》 ᠶᠡᠷᠦᠩᠬᠡᠢ ᠪᠠᠶ᠋ᠢᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢᠨ ᠲᠦᠷᠦᠭᠦᠦ ᠬᠠᠷᠢᠭᠤᠴᠠᠯᠭᠠᠳᠤ ᠰᠠᠭᠤᠷᠢᠯᠠᠵᠤ᠂ ᠥᠨᠳᠥᠷ ᠪᠠᠷᠢᠮᠵᠢᠶ᠎ᠠ᠎ᠪᠠᠷ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ; ᠵᠥᠷᠢᠴᠡᠯ᠎ᠢ ᠢᠳᠡᠪᠬᠢᠲᠡᠢ ᠰᠢᠢ᠍ᠳᠪᠦᠷᠢᠯᠡᠵᠦ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠲᠣᠭᠲᠠᠭᠤᠨ᠎ᠢ ᠥᠨᠳᠥᠷ ᠲᠦᠪᠰᠢᠨ ᠵᠶ᠋ᠠᠷ ᠬᠠᠮᠠᠭ᠋ᠠᠯᠠᠬᠤ ᠬᠡᠷᠡᠭᠲᠡᠢ; ᠳᠣᠲᠣᠭ᠋ᠠᠳᠤ ᠵᠢ ᠬᠠᠮᠠᠭ᠋ᠠᠯᠠᠬᠤ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠷᠠᠳ ᠲᠦᠮᠡᠨ᠎ᠤ ᠠᠮᠤᠷ ᠲᠣᠭᠲᠠᠭᠤᠨ᠎ᠢ ᠴᠢᠨᠠᠷ ᠰᠠᠶ᠋ᠢᠲᠠᠶ ᠰᠠᠬᠢᠨ ᠬᠠᠮᠠᠭ᠋ᠠᠯᠠᠬᠤ ᠬᠡᠷᠡᠭᠲᠡᠢ; ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠵᠢᠨ ᠬᠥᠭᠵᠢᠯᠲᠡ ᠵᠢ ᠴᠢᠨᠠᠷ ᠰᠠᠶ᠋ᠢᠲᠠᠢ ᠬᠠᠮᠠᠭ᠋ᠠᠯᠠᠬᠤ ᠬᠡᠷᠡᠭᠲᠡᠢ᠃ 《ᠲᠤᠰᠬᠠᠶ ᠴᠠᠭᠳᠠᠭ᠋ᠠᠨ᠎ᠤ ᠲᠥᠷᠥᠯ ᠪᠣᠯᠬᠤ》᠎ᠪᠠᠷ ᠰᠢᠨ᠎ᠡ ᠴᠢᠨᠠᠷ᠎ᠤᠨ ᠳᠠᠶ᠋ᠢᠴᠢᠨ ᠬᠦᠴᠦᠨ᠎ᠢ ᠡᠬᠢᠯᠡᠭᠦᠯᠬᠦ ᠶᠡᠬᠡ ᠬᠥᠳᠡᠯᠭᠡᠭᠦᠷ ᠪᠣᠯᠭ᠋ᠠᠵᠤ᠂ 《ᠲᠣᠭᠲᠠᠴᠠ ᠵᠢ ᠰᠢᠯᠢᠳᠡᠭᠵᠢᠭᠦᠯᠬᠦ》᠎ᠪᠠᠷ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠴᠣᠭᠴᠠᠯᠠᠬᠤ ᠨᠡᠮᠡᠭᠳᠡᠯ᠎ᠤᠨ ᠲᠤᠶ᠋ᠢᠯ ᠪᠣᠯᠭ᠋ᠠᠵᠤ᠂ 《ᠲᠣᠮᠣ ᠳ᠋ᠠᠶ᠋ᠢᠲ᠋ᠠ᠎ᠠᠴᠠ ᠡᠨᠧᠷᠭᠢ ᠣᠯᠭᠣᠬᠤ ᠵᠢ ᠪᠣᠳᠠᠲᠠᠶ᠋ᠢᠵᠢᠭᠤᠯᠬᠤ》᠎ᠪᠠᠷ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠡᠭᠦᠰᠭᠡᠬᠦ ᠥᠨᠳᠥᠷ ᠬᠥᠳᠡᠯᠭᠡᠬᠦ ᠡᠨᠧᠷᠭᠢ ᠪᠣᠯᠭ᠋ᠠᠵᠤ᠂ 《ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶ᠋ᠢᠲ᠋ᠠ》 ᠵᠢᠨ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠋ᠠᠨ᠎ᠤ ᠵᠠᠭᠪᠤᠷ᠎ᠢ ᠤᠯᠠᠮ ᠨᠢᠭᠡ ᠠᠯᠬᠤᠮ ᠪᠠᠶ᠋ᠢᠭᠤᠯᠤᠨ ᠲᠡᠭᠦᠯᠳᠡᠷᠵᠢᠭᠦᠯᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠳᠡᠭᠡᠭᠰᠢᠯᠡᠭᠦᠯᠬᠦ ᠢᠨᠵᠧᠨᠧᠷᠢᠩ᠎ᠢ ᠪᠥᠬᠥ ᠲᠠᠯ᠎ᠠ᠎ᠪᠠᠷ ᠠᠬᠢᠭᠤᠯᠤᠨ ᠬᠡᠷᠡᠭᠵᠢᠭᠦᠯᠬᠦ ᠬᠡᠷᠡᠭᠲᠡᠶ᠃ 《ᠳᠥᠷᠪᠡᠨ ᠲᠡᠮᠦᠷ ᠮᠡᠲᠦ》 ᠪᠠᠷᠢᠮᠵᠢᠶ᠎ᠠ ᠵᠢ ᠲᠣᠭᠲᠠᠭ᠋ᠠᠵᠤ᠂ ᠥᠨᠳᠥᠷ ᠬᠡᠪ ᠪᠣᠯᠪᠠᠰᠤᠷᠠᠯ᠎ᠲᠠᠢ ᠪᠠᠲᠤ ᠴᠢᠩᠭ᠎ᠠ ᠳᠣᠲᠣᠭ᠋ᠠᠳᠤ ᠵᠢ ᠬᠠᠮᠠᠭ᠋ᠠᠯᠠᠬᠤ ᠲᠡᠮᠦᠷ ᠴᠡᠷᠢᠭ᠎ᠤᠨ ᠪᠠᠶ᠋ᠢᠭᠤᠯᠤᠯᠲᠠ ᠵᠢ ᠡᠷᠡᠰ ᠭᠤᠶ᠋ᠢᠪᠢᠰᠢ ᠥᠬᠡᠶ ᠭᠦᠨᠵᠡᠭᠡᠶ᠋ᠢᠷᠡᠭᠦᠯᠵᠦ᠂ ᠤᠯᠤᠰ ᠲᠥᠷᠥ᠎ᠪᠠᠷ ᠴᠠᠭᠳᠠᠭ᠎ᠠ ᠪᠠᠶ᠋ᠢᠭᠤᠯᠬᠤ ᠵᠢ ᠪᠠᠷᠢᠮᠲᠠᠯᠠᠵᠤ᠂ ᠨᠠᠮ᠎ᠳᠤ᠎ᠪᠠᠨ ᠦᠨᠡᠨᠴᠢ ᠰᠢᠳᠤᠷᠭᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠪᠠᠶ᠋ᠢᠭᠤᠯᠬᠤ ᠬᠡᠷᠡᠭᠲᠡᠶ; ᠵᠢᠩᠬᠢᠨᠢ ᠪᠠᠶ᠋ᠢᠯᠳᠤᠭ᠋ᠠᠨ ᠬᠢᠵᠦ ᠴᠡᠷᠢᠭ ᠪᠣᠯᠪᠠᠰᠤᠷᠠᠭᠤᠯᠬᠤ ᠵᠢ ᠪᠠᠷᠢᠮᠲᠠᠯᠠᠵᠤ᠂ ᠴᠠᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠳᠠᠪᠲᠠᠨ ᠪᠣᠯᠪᠠᠰᠤᠷᠠᠭᠤᠯᠬᠤ ᠬᠡᠷᠡᠭᠲᠡᠢ; ᠴᠢᠩᠭ᠎ᠠ ᠬᠠᠮᠢᠶᠠᠷᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠴᠢᠩᠭ᠎ᠠ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠳᠠᠪᠲᠠᠨ ᠪᠣᠯᠪᠠᠰᠤᠷᠠᠭᠤᠯᠬᠤ ᠬᠡᠷᠡᠭᠲᠡᠢ; ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠳᠠᠪᠲᠠᠨ ᠪᠣᠯᠪᠠᠰᠤᠷᠠᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠡᠭᠡᠳᠦ ᠳᠤᠤᠷᠠᠳᠤ ᠱᠠᠲᠤ᠎ᠪᠠᠷ ᠵᠶ᠋ᠠᠨ ᠰᠡᠳᠬᠢᠯ ᠨᠢᠭᠡᠳᠦᠨ᠂ ᠯᠠᠪᠳᠠᠭᠤᠨ ᠪᠠᠲᠤᠲᠠᠶ ᠠᠵᠢᠯᠯᠠᠵᠤ᠂ ᠰᠢᠷᠭ᠋ᠠᠭᠤ ᠬᠠᠲᠠᠭᠤᠵᠢᠯᠲᠠᠶ ᠠᠵᠢᠯᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠠᠶ᠋ᠢᠲᠤᠷ ᠪᠢᠴᠢᠭᠯᠡᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠪᠠ!

ᠬᠤᠷᠠᠯ᠎ᠢ ᠸᠢᠳᠢᠣ᠋ ᠬᠡᠯᠪᠡᠷᠢ᠎ᠪᠠᠷ ᠠᠶ᠋ᠢᠮᠠᠭ ᠬᠣᠲᠠ ᠵᠢᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠦᠷᠲᠡᠯ᠎ᠡ ᠬᠤᠷᠠᠯᠳᠤᠭᠤᠯᠪᠠ᠃ ᠬᠥᠬᠡᠬᠣᠲᠠ᠎ᠳᠤ ᠪᠠᠶ᠋ᠢᠭ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠪᠦᠷᠢᠯᠳᠦᠬᠦᠨ᠂ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠴᠠᠭᠳᠠᠭ᠋ᠠᠨ᠎ᠤ ᠶᠠᠪᠤᠳᠠᠯ᠎ᠤᠨ ᠲᠤᠰᠬᠠᠶ ᠲᠤᠰᠢᠶᠠᠯᠲᠠᠨ᠂ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ᠎ᠤᠨ ᠶᠡᠷᠦᠩᠬᠡᠶ ᠬᠢᠨᠠᠭᠴᠢ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠵᠢᠨ ᠪᠠᠭ᠎ᠤᠨ ᠪᠦᠷᠢᠯᠳᠦᠬᠦᠨ; ᠬᠥᠬᠡᠬᠣᠲᠠ ᠪᠣᠭᠣᠮᠲᠠ ᠵᠢᠨ ᠳᠠᠯᠳᠠᠭᠤᠷ ᠠᠷᠠᠯᠵᠢᠶᠠᠯᠠᠭᠰᠠᠳᠢ ᠪᠠᠷᠢᠪᠴᠢᠯᠠᠬᠤ ᠲᠣᠪᠴᠢᠶ᠎ᠠ᠂ ᠬᠥᠬᠡᠬᠣᠲᠠ ᠲᠡᠮᠦᠷ ᠵᠠᠮ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ 《ᠵᠥᠷᠢᠴᠡᠯ ᠲᠦᠭᠰᠢᠭᠦᠷᠢ ᠵᠢ ᠠᠷᠢᠯᠭ᠋ᠠᠨ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ》 ᠲᠤᠰᠬᠠᠶ ᠠᠵᠢᠯᠯᠠᠭ᠎ᠠ ᠵᠢᠨ ᠰᠢᠪᠠᠳᠠᠨ ᠵᠢᠯᠣᠭᠣᠳᠬᠤ ᠳᠤᠭᠤᠶ᠋ᠢᠯᠠᠩ᠎ᠤᠨ ᠳᠠᠷᠤᠭ᠎ᠠ᠂ ᠳᠤᠭᠤᠶ᠋ᠢᠯᠠᠩ᠎ᠤᠨ ᠳᠡᠳ᠋ ᠳᠠᠷᠤᠭ᠎ᠠ; ᠡᠯ᠎ᠡ ᠠᠶ᠋ᠢᠮᠠᠭ ᠬᠣᠲᠠ᠂ ᠶᠡᠬᠡ ᠬᠢᠩᠭ᠋ᠠᠨ ᠳᠠᠪᠠᠭ᠋ᠠᠨ᠎ᠤ ᠣᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠲᠣᠪᠴᠢᠶ᠎ᠠ ᠵᠢᠨ ᠬᠠᠷᠢᠶ᠎ᠠ ᠰᠠᠯᠠᠭ᠎ᠠ ᠮᠥᠴᠢᠷ᠂ ᠨᠢᠭᠡᠴᠢ ᠵᠢᠨ ᠭᠤᠤᠯ ᠬᠠᠷᠢᠭᠤᠴᠠᠯᠭ᠋ᠠᠲᠠᠨ ᠨᠥᠬᠥᠳ᠂ ᠮᠠᠨᠵᠤᠤᠷ ᠪᠣᠭᠣᠮᠲᠠ ᠵᠢᠨ ᠳᠠᠯᠳᠠᠭᠤᠷ ᠠᠷᠠᠯᠵᠢᠶᠠᠯᠠᠭᠰᠠᠳᠢ ᠪᠠᠷᠢᠪᠴᠢᠯᠠᠬᠤ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠥᠳ ᠡᠯ᠎ᠡ ᠭᠠᠵᠠᠷ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃