ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 2024 ᠣᠨ᠎ᠤ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-26

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ

ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠣᠷᠢᠶ᠎ᠠ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠠᠳᠬᠤᠬᠤ ᠲᠤᠬᠠᠶ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 2024 ᠣᠨ᠎ᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠳᠬᠤᠭᠰᠠᠨ ᠲᠤᠬᠠᠶ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠶᠠᠷᠢᠯᠴᠠᠬᠤ ᠬᠤᠷᠠᠯ᠎ᠢ ᠲᠤᠰᠬᠠᠶ ᠰᠡᠳᠦᠪ ᠵᠶ᠋ᠠᠷ ᠬᠤᠷᠠᠯᠳᠤᠭᠤᠯᠤᠭᠰᠠᠨ ᠪᠥᠭᠡᠳ ᠲᠤᠬᠠᠶ ᠵᠢᠨ ᠲᠠᠯᠠᠪᠠᠶ ᠵᠢᠨ ᠰᠢᠯᠭ᠋ᠠᠨ ᠦᠨᠡᠯᠡᠯᠲᠡ ᠬᠢᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

评议会1.jpg


      ᠬᠤᠷᠠᠯ ᠳᠡᠭᠡᠷ᠎ᠡ᠂ ᠬᠡᠰᠡᠭ ᠠᠶ᠋ᠢᠮᠠᠭ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠲᠢᠩᠬᠢᠮ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠲᠤᠬᠠᠢ ᠵᠢᠨ ᠲᠠᠯᠠᠪᠠᠢ᠎ᠳᠤ ᠲᠤᠰᠢᠶᠠᠯ᠎ᠤᠨ ᠮᠡᠳᠡᠭᠦᠯᠦᠯᠲᠡ ᠬᠢᠵᠦ᠂ ᠪᠤᠰᠤᠳ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠪᠢᠴᠢᠭ᠎ᠤᠨ ᠬᠡᠯᠪᠡᠷᠢ᠎ᠪᠠᠷ ᠲᠤᠰᠢᠶᠠᠯ᠎ᠤᠨ ᠮᠡᠳᠡᠭᠦᠯᠦᠯᠲᠡ ᠬᠢᠵᠡᠢ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠲᠢᠩᠬᠢᠮ᠎ᠤᠨ ᠪᠠᠶ᠋ᠢᠩᠭᠤ ᠵᠢᠨ ᠳᠡᠳ᠋ ᠳᠠᠷᠤᠭ᠎ᠠ ᠯᠢᠦ ᠬᠣᠩ ᠲᠤᠬᠠᠶ ᠵᠢᠨ ᠲᠠᠯᠠᠪᠠᠶ ᠵᠢᠨ ᠲᠤᠰᠢᠶᠠᠯ᠎ᠤᠨ ᠮᠡᠳᠡᠭᠦᠯᠦᠯᠲᠡ ᠬᠢᠭᠰᠡᠨ ᠲᠥᠯᠥᠭᠡᠯᠡᠭᠴᠢᠳ᠎ᠲᠤ ᠨᠢᠭᠡᠳ ᠨᠢᠭᠡ᠎ᠪᠠᠷ ᠦᠨᠡᠯᠡᠯᠲᠡ ᠬᠢᠵᠦ᠂ ᠠᠮᠵᠢᠯᠲᠠ ᠪᠦᠲᠦᠮᠵᠢ ᠵᠢ ᠨᠤᠲᠠᠯᠠᠬᠤ ᠮᠥᠷᠲᠡᠭᠡᠨ ᠪᠠᠰᠠ ᠠᠰᠠᠭᠤᠳᠠᠯ᠎ᠢ ᠵᠢᠭ᠋ᠠᠨ ᠭᠠᠷᠭ᠋ᠠᠵᠤ᠂ ᠱᠠᠭ᠋ᠠᠷᠳᠠᠯᠭ᠎ᠠ ᠳᠤᠷᠠᠳᠴᠠᠶ᠃ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠮᠠ ᠢ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ᠂ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ ᠸᠠᠩ ᠪᠢᠨ ᠲᠣᠰ ᠲᠣᠰ ᠶᠡᠷᠦᠩᠬᠡᠶ᠋ᠢᠯᠡᠭᠰᠡᠨ ᠦᠨᠡᠯᠡᠯᠲᠡ ᠬᠢᠪᠠ᠃
      ᠬᠤᠷᠠᠯ᠎ᠠᠴᠠ᠂ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ  ᠲᠥᠪᠯᠡᠷᠡᠭᠦᠯᠦᠨ  ᠴᠡᠭᠴᠡᠯᠡᠨ  ᠵᠠᠰᠠᠬᠤ ᠵᠢ ᠭᠦᠨᠵᠡᠭᠡᠶ ᠠᠬᠢᠭᠤᠯᠵᠤ᠂

《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠪᠣᠯᠪᠠᠰᠤᠷᠠᠯ ᠵᠶ᠋ᠠᠨ ᠴᠢᠩᠭ᠋ᠠᠳᠬᠠᠬᠤ᠂ ᠰᠤᠷᠲᠠᠯ ᠵᠶ᠋ᠠᠨ ᠴᠡᠭᠴᠡᠯᠡᠬᠦ᠂ ᠳᠦᠷᠢ ᠲᠥᠷᠬᠦ ᠵᠢ ᠪᠣᠶ ᠪᠣᠯᠭ᠋ᠠᠬᠤ》 ᠲᠤᠰᠬᠠᠶ ᠠᠵᠢᠯᠯᠠᠭ᠎ᠠ ᠵᠢ ᠥᠪᠡᠰᠦᠪᠡᠨ ᠰᠣᠩᠭᠣᠨ ᠥᠷᠨᠢᠭᠦᠯᠵᠦ᠂ ᠭᠤᠤᠯᠳᠠᠯᠭ᠎ᠠ ᠵᠢᠨ ᠲᠣᠭᠣᠷᠢᠨ᠎ᠳᠤ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠬᠥᠭᠵᠢᠯᠲᠡ ᠵᠢ ᠰᠦᠪᠡᠭᠴᠢᠯᠡᠵᠦ᠂ ᠤᠳᠤᠷᠢᠳᠬᠤ ᠪᠠᠭ ᠵᠶ᠋ᠠᠨ ᠴᠢᠩᠭ᠎ᠠ ᠪᠣᠳᠠᠲᠠᠶ ᠠᠳᠬᠤᠵᠤ᠂ ᠡᠩᠨᠡᠭᠡ᠎ᠪᠠᠨ ᠳᠠᠭ᠋ᠠᠭᠤᠯᠵᠤ᠂ ᠤᠯᠤᠰ ᠲᠥᠷᠥ ᠵᠢᠨ ᠪᠠᠶ᠋ᠢᠭᠤᠯᠭ᠎ᠠ ᠵᠢᠨ ᠤᠬᠠᠮᠰᠠᠷ ᠨᠠᠩ ᠪᠠᠲᠤ ᠪᠠᠬᠢ ᠪᠣᠯᠵᠣ᠂ ᠣᠨᠣᠯ ᠰᠤᠷᠤᠯᠴᠠᠬᠤ ᠠᠭᠤᠷ ᠠᠮᠢᠰᠬᠤᠯ ᠨᠠᠩ ᠥᠳᠬᠡᠨ ᠪᠣᠯᠵᠣ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠰᠤᠷᠲᠠᠯ ᠨᠠᠩ ᠯᠠᠪᠳᠠᠭᠤᠨ ᠪᠠᠲᠤᠲᠠᠶ ᠪᠣᠯᠵᠣ᠂ ᠡᠯ᠎ᠡ ᠵᠦᠢᠯ᠎ᠤᠨ ᠠᠵᠢᠯ ᠡᠷᠴᠢᠮᠲᠡᠶ ᠪᠦᠲᠦᠮᠵᠢᠲᠡᠶ ᠪᠣᠯᠪᠠ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠳᠤᠪᠤᠢ᠍ᠢ᠍ᠯᠭ᠋ᠠᠵᠤ᠂ ᠤᠯᠤᠰ ᠲᠦᠷᠦ᠎ᠪᠠᠷ ᠴᠠᠭᠳᠠᠭ᠎ᠠ ᠪᠠᠶ᠋ᠢᠭᠤᠯᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠦᠨᠡᠨᠴᠢ ᠰᠢᠳᠤᠷᠭᠤ ᠴᠠᠭᠳᠠᠭ᠋ᠠᠨ᠎ᠤ ᠰᠦᠭ ᠰᠦᠨᠡᠰᠦ ᠵᠢ ᠪᠠᠲᠤ ᠴᠣᠭᠴᠠᠯᠠᠬᠤ ᠬᠡᠷᠡᠭᠲᠡᠢ; ᠵᠣᠬᠢᠶᠠᠨ ᠪᠠᠶ᠋ᠢᠭᠤᠯᠬᠤ ᠬᠦᠴᠦᠨ᠂ ᠨᠢᠭᠲᠠᠷᠠᠭᠤᠯᠬᠤ ᠬᠦᠴᠦᠨ᠂ ᠤᠷᠢᠶᠠᠯᠠᠬᠤ ᠬᠦᠴᠦᠨ᠎ᠢ ᠲᠤᠪᠤᠢ᠍ᠢ᠍ᠯᠭ᠋ᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠲᠤ ᠴᠢᠩᠭ᠎ᠠ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ᠎ᠢ ᠦᠷᠭᠦᠯᠵᠢᠯᠡᠨ ᠰᠠᠶ᠋ᠢᠲᠤᠷ ᠪᠠᠳᠠᠷᠠᠭᠤᠯᠬᠤ ᠬᠡᠷᠡᠭᠲᠡᠢ; ᠪᠠᠶ᠋ᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ᠎ᠪᠠᠷ ᠠᠳᠬᠤᠬᠤ ᠵᠢ ᠲᠤᠪᠤᠢ᠍ᠢ᠍ᠯᠭ᠋ᠠᠵᠤ᠂

《ᠲᠦᠷᠪᠡᠨ ᠰᠤᠷᠲᠠᠯ》᠎ᠢ ᠦᠷᠭᠦᠯᠵᠢᠯᠡᠨ ᠵᠠᠯᠠᠷᠠᠭᠤᠯᠵᠤ᠂ ᠰᠤᠷᠲᠠᠯ ᠵᠶ᠋ᠠᠨ ᠴᠡᠭᠴᠡᠯᠡᠵᠦ᠂ ᠰᠢᠨ᠎ᠡ ᠰᠤᠷᠲᠠᠯ᠎ᠢ ᠪᠤᠢ ᠪᠣᠯᠭ᠋ᠠᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠤᠨ ᠠᠰᠠᠭᠤᠳᠠᠯ᠎ᠢ ᠪᠠᠶ᠋ᠢᠩᠭᠤ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃ ᠳᠡᠭᠡᠳᠦ ᠱᠠᠲᠤ᠎ᠨᠢ ᠳᠤᠤᠷᠠᠳᠤ ᠱᠠᠲᠤ᠎ᠪᠠᠨ ᠳᠠᠭ᠋ᠠᠭᠤᠯᠬᠤ ᠵᠢ ᠳᠣᠪᠣᠶ᠋ᠢᠯᠭ᠋ᠠᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠤᠷᠮᠠᠰᠢᠭᠤᠯᠤᠨ ᠳᠠᠭ᠋ᠠᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠴᠢᠩᠭ᠎ᠠ ᠠᠳᠬᠤᠨ ᠪᠣᠳᠠᠲᠠᠶ ᠠᠳᠬᠤᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠬᠠᠷᠢᠭᠤᠴᠠᠯᠭ᠎ᠠ᠎ᠪᠠᠨ ᠮᠡᠳᠡᠬᠦ᠂ ᠡᠭᠦᠷᠭᠡ᠎ᠪᠠᠨ ᠪᠡᠶᠡᠯᠡᠭᠦᠯᠬᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

评议会2.jpg


      ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠪᠥᠬᠥ ᠬᠦᠴᠦᠨ ᠵᠶ᠋ᠠᠷ ᠵᠶ᠋ᠠᠨ ᠠᠮᠤᠷ ᠲᠦᠪᠰᠢᠨ᠎ᠢ ᠪᠠᠲᠤᠯᠠᠵᠤ᠂ ᠪᠥᠬᠥ ᠬᠦᠴᠦᠨ ᠵᠶ᠋ᠠᠷ ᠵᠶ᠋ᠠᠨ ᠨᠠᠮ᠎ᠢ ᠪᠥᠬᠥ ᠲᠠᠯ᠎ᠠ᠎ᠪᠠᠷ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ᠂ ᠦᠨᠳᠦᠰᠦᠨ ᠱᠠᠲᠤ ᠲᠡᠶ᠋ᠢᠰᠢ ᠥᠷᠭᠡᠵᠢᠬᠦ ᠵᠢ ᠠᠬᠢᠭᠤᠯᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠠᠶ᠋ᠢᠲᠤᠷ ᠪᠢᠴᠢᠭᠯᠡᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ