ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠪᠥᠬᠥ ᠣᠷᠣᠨ᠎ᠤ ᠨᠡᠶ᠋ᠢᠭᠡᠮ᠎ᠤᠨ ᠶᠡᠷᠥᠩᠬᠡᠢ ᠪᠠᠢ᠌ᠳᠠᠯ ᠠᠮᠤᠷ ᠲᠣᠭᠲᠠᠭᠤᠨ ᠡᠮᠬᠢ ᠳᠢᠭᠯᠢᠮ ᠮᠠᠰᠢ ᠰᠠᠶ᠋ᠢᠨ
ᠨᠡᠶ᠋ᠢᠲᠡᠯᠡᠭᠰᠡᠨ ᠴᠠᠭ᠄ 2025-02-08

      ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠤᠯᠠᠨ ᠲᠦᠮᠡᠨ ᠪᠠᠶᠠᠷ ᠪᠠᠶᠠᠰᠤᠯ᠎ᠲᠠᠢ᠂ ᠴᠠᠭᠳᠠᠭ᠎ᠠ ᠬᠠᠷᠠᠭᠤᠯ ᠵᠣᠭᠰᠣᠬᠤ》 ᠰᠢᠯᠢᠳᠡᠭ ᠤᠯᠠᠮᠵᠢᠯᠠᠯ᠎ᠢ ᠭᠦᠢ᠍ᠴᠡᠳ ᠪᠠᠳᠠᠷᠠᠭᠤᠯᠵᠤ᠂ ᠴᠠᠭ᠋ᠠᠨ ᠰᠠᠷ᠎ᠠ ᠵᠢᠨ ᠠᠮᠤᠷ  ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠵᠤ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠵᠠᠮ ᠬᠠᠷᠢᠯᠴᠠᠭ᠋ᠠᠨ᠎ᠤ ᠪᠠᠲᠤᠯᠠᠭ᠎ᠠ᠂ ᠨᠡᠶ᠋ᠢᠭᠡᠮ᠎ᠤᠨ ᠵᠥᠷᠢᠴᠡᠯ᠎ᠢ ᠨᠠᠮᠳᠠᠭᠤᠯᠬᠤ᠂ ᠬᠤᠸᠠᠷ ᠫᠤᠤᠵᠢᠩ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠲᠤᠮᠤ ᠬᠡᠯᠪᠡᠷᠢ ᠵᠢᠨ ᠠᠵᠢᠯᠯᠠᠭ᠎ᠠ ᠵᠢᠨ ᠡᠮᠬᠢ ᠳᠢᠭᠯᠢᠮ᠎ᠢ ᠬᠠᠮᠠᠭ᠋ᠠᠯᠠᠬᠤ᠂ ᠨᠡᠶ᠋ᠢᠭᠡᠮ᠎ᠤᠨ ᠲᠠᠯ᠎ᠠ ᠵᠢᠨ ᠪᠦᠬᠦ ᠲᠠᠯ᠎ᠠ᠎ᠪᠠᠷ ᠰᠡᠷᠭᠡᠶ᠋ᠢᠯᠡᠨ ᠡᠵᠡᠮᠳᠡᠬᠦ ᠵᠡᠷᠭᠡ ᠠᠵᠢᠯ᠎ᠢ ᠪᠦᠬᠦ ᠬᠦᠴᠦᠨ ᠵᠶ᠋ᠠᠷ ᠥᠷᠨᠢᠭᠦᠯᠵᠦ᠂ ᠠᠷᠠᠳ ᠤᠯᠠᠨ᠎ᠳᠤ ᠴᠠᠭ᠋ᠠᠨ ᠰᠠᠷ᠎ᠠ ᠵᠢ ᠪᠠᠶᠠᠷ ᠬᠦᠷ᠎ᠲᠠᠢ ᠥᠩᠭᠡᠷᠡᠭᠦᠯᠬᠦ᠎ᠳᠤ ᠠᠮᠤᠷ ᠠᠮᠤᠭᠤᠯᠠᠩ ᠡᠶ᠎ᠡ ᠵᠣᠬᠢᠴᠠᠩᠭᠤᠢ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠴᠢᠷᠮᠠᠶ᠋ᠢᠨ ᠪᠤᠢ ᠪᠣᠯᠭ᠋ᠠᠵᠤ ᠥᠭᠪᠡ᠃ 1 ᠳ᠋ᠦ᠍ᠭᠡᠷ ᠰᠠᠷ᠎ᠠ ᠵᠢᠨ 28᠎ᠤ ᠡᠳᠦᠷ᠎ᠤᠨ 0 ᠴᠠᠭ᠎ᠠᠴᠠ 2 ᠳ᠋ᠤᠭ᠋ᠠᠷ ᠰᠠᠷ᠎ᠠ ᠵᠢᠨ 4᠎ᠤ ᠡᠳᠦᠷ᠎ᠤᠨ 12 ᠴᠠᠭ ᠪᠣᠯᠲᠠᠯ᠎ᠠ᠂ ᠪᠥᠬᠥ ᠣᠷᠣᠨ᠎ᠳᠤ ᠨᠡᠶ᠋ᠢᠲᠡ 34560 ᠬᠡᠷᠡᠭ᠎ᠤᠨ ᠮᠡᠳᠡᠭᠦᠯᠦᠯᠲᠡ ᠵᠢ ᠭᠥᠯᠢᠶᠡᠨ ᠠᠪᠴᠤ᠂ ᠨᠡᠶ᠋ᠢᠭᠡᠮ᠎ᠤᠨ ᠶᠡᠷᠥᠩᠬᠡᠢ ᠪᠠᠢ᠌ᠳᠠᠯ ᠲᠣᠭᠲᠠᠭᠤᠨ᠂ ᠠᠮᠤᠷ ᠲᠦᠪᠰᠢᠨ᠎ᠤ ᠡᠮᠬᠢ ᠳᠢᠭᠯᠢᠮ ᠰᠠᠶ᠋ᠢᠨ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠲᠣᠮᠣ ᠬᠡᠯᠪᠡᠷᠢ ᠵᠢᠨ ᠬᠤᠸᠠᠷ ᠫᠤᠤᠵᠢᠩ ᠪᠠ ᠴᠠᠭ᠋ᠠᠨ ᠰᠠᠷ᠎ᠠ ᠵᠢᠨ ᠭᠤᠤᠯ ᠰᠡᠳᠦᠪᠲᠦ ᠰᠣᠶᠣᠯ᠎ᠤᠨ ᠰᠢᠷᠢᠰ ᠠᠵᠢᠯᠯᠠᠭ᠎ᠠ ᠠᠮᠤᠷ ᠲᠦᠪᠰᠢᠨ ᠪᠥᠭᠡᠳ ᠤᠷᠤᠭᠰᠢᠲᠠᠶ ᠶᠠᠪᠤᠭᠳᠠᠵᠤ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠡᠮᠬᠢ ᠳᠢᠭᠯᠢᠮ ᠰᠠᠶ᠋ᠢᠨ ᠪᠠᠶ᠋ᠢᠵᠤ᠂ ᠪᠥᠬᠥ ᠣᠷᠣᠨ᠎ᠳᠤ ᠳᠡᠭᠡᠲᠦ ᠬᠤᠷᠳᠤ ᠵᠢᠨ ᠵᠠᠰᠠᠮᠠᠯ ᠵᠠᠮ ᠪᠠ ᠭᠤᠤᠯ ᠪᠣᠯᠬᠤ ᠤᠯᠤᠰ ᠮᠤᠵᠢ ᠵᠢᠨ ᠳᠡᠰ᠎ᠤᠨ ᠭᠤᠤᠯ ᠵᠠᠮ᠎ᠤᠨ ᠬᠡᠰᠡᠭ᠎ᠲᠤ ᠶᠡᠬᠡ ᠬᠡᠪᠴᠢᠶᠡᠨ᠎ᠤ ᠵᠠᠮ ᠬᠠᠷᠢᠯᠴᠠᠭ᠋ᠠᠨ᠎ᠤ ᠲᠦᠭᠵᠢᠷᠡᠯ ᠡᠭᠦᠰᠦᠭᠰᠡᠨ ᠥᠬᠡᠶ᠂ ᠨᠡᠯᠢᠶᠡᠳ ᠶᠡᠬᠡ ᠵᠠᠮ ᠬᠠᠷᠢᠯᠴᠠᠭ᠋ᠠᠨ᠎ᠤ ᠡᠨᠳᠡᠯ ᠭᠠᠷᠤᠭᠰᠠᠨ ᠥᠬᠡᠶ᠃

春节1.jpg


      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠤ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠰᠤᠳᠤᠯᠵᠤ᠂ ᠪᠥᠬᠥ ᠣᠷᠣᠨ᠎ᠤ ᠨᠡᠶ᠋ᠢᠭᠡᠮ᠎ᠤᠨ ᠶᠡᠷᠥᠩᠬᠡᠢ ᠪᠠᠶ᠋ᠢᠳᠠᠯ᠎ᠢ ᠴᠠᠭ ᠲᠤᠬᠠᠶ᠎ᠳᠤ᠎ᠨᠢ ᠲᠣᠬᠢᠷᠠᠭᠤᠯᠤᠨ ᠡᠵᠡᠮᠰᠢᠬᠦ ᠵᠢᠨ ᠬᠠᠮᠲᠤ ᠭᠡᠨᠡᠳᠲᠡ ᠵᠢᠨ ᠬᠡᠷᠡᠭ᠎ᠢ ᠵᠢᠯᠣᠭᠣᠳᠤᠨ ᠰᠢᠢ᠍ᠳᠪᠦᠷᠢᠯᠡᠪᠡ᠃ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠥᠷᠭᠡᠨ ᠣᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠶ᠋ᠢᠯᠡᠨ ᠭᠦᠢ᠍ᠴᠡᠳᠬᠡᠵᠦ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠵᠦ᠂ ᠠᠮᠤᠷ᠎ᠢ ᠬᠠᠮᠠᠭ᠋ᠠᠯᠠᠬᠤ ᠲᠣᠭᠲᠠᠭᠤᠨ᠎ᠢ ᠬᠠᠮᠠᠭ᠋ᠠᠯᠠᠬᠤ ᠡᠮᠦᠨ᠎ᠡ ᠹᠷᠣᠨᠲ᠎ᠲᠤ ᠦᠷᠭᠦᠯᠵᠢᠯᠡᠨ ᠲᠡᠮᠡᠴᠡᠵᠦ᠂ ᠡᠯ᠎ᠡ ᠵᠦᠢ᠍ᠯ᠎ᠤᠨ ᠠᠵᠢᠯ᠎ᠢ ᠨᠠᠷᠢᠯᠢᠭ ᠪᠣᠳᠠᠲᠠᠶ ᠨᠠᠶ᠋ᠢᠳᠠᠪᠤᠷᠢᠵᠢᠭᠤᠯᠵᠤ᠂ ᠥᠴᠦᠬᠡᠨ ᠴᠦ᠍ ᠠᠯᠳᠠᠰᠢ ᠭᠠᠷᠭ᠋ᠠᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃

春节2.png


      ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠡᠷᠭᠡᠶ᠋ᠢᠯᠡᠨ ᠬᠣᠷᠢᠭᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠣᠨᠣᠪᠴᠢᠲᠠᠶ ᠬᠡᠷᠡᠭᠵᠢᠭᠦᠯᠵᠦ᠂ 1 ᠳ᠋ᠦ᠍ᠭᠡᠷ ᠰᠠᠷ᠎ᠠ ᠵᠢᠨ 26᠎ᠤ ᠡᠳᠦᠷ᠎ᠠᠴᠠ 27᠎ᠤ ᠡᠳᠦᠷ ᠪᠣᠯᠲᠠᠯ᠎ᠠ ᠠᠮᠤᠷ᠎ᠢ ᠬᠠᠮᠠᠭ᠋ᠠᠯᠠᠬᠤ ᠪᠤᠳᠤᠯᠢᠶᠠᠨᠲᠠᠶ ᠣᠷᠣᠨ ᠪᠦᠰᠡ ᠵᠢ ᠲᠥᠪᠯᠡᠷᠡᠭᠦᠯᠦᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ 1 ᠳ᠋ᠦ᠍ᠭᠡᠷ ᠰᠠᠷ᠎ᠠ ᠵᠢᠨ 28᠎ᠠᠴᠠ 29᠎ᠤ ᠡᠳᠦᠷ ᠪᠣᠯᠲᠠᠯ᠎ᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠡᠳᠦᠷ ᠪᠦᠷᠢ 3.5 ᠲᠦᠮᠡᠨ ᠬᠥᠮᠦᠨ ᠤᠳᠠᠭ᠎ᠠ ᠴᠠᠭᠳᠠᠭ᠋ᠠᠨ᠎ᠤ ᠬᠦᠴᠦᠨ ᠵᠠᠷᠤᠴᠠᠭᠤᠯᠵᠤ᠂ ᠵᠢᠵᠢᠭᠦᠷᠯᠡᠵᠦ ᠠᠵᠢᠯ᠎ᠳᠤ ᠪᠡᠯᠡᠳᠬᠡᠬᠦ᠂ ᠨᠡᠶ᠋ᠢᠭᠡᠮ᠎ᠤᠨ ᠲᠠᠯ᠎ᠠ᠎ᠪᠠᠷ ᠴᠠᠭᠳᠠᠨ ᠰᠡᠷᠭᠡᠶ᠋ᠢᠯᠡᠬᠦ᠂ ᠣᠷᠣᠨ ᠪᠦᠰᠡ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠎ᠠ ᠪᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠥᠷᠲᠡᠭᠡ᠂ ᠠᠮᠤᠷ᠎ᠢ ᠬᠠᠮᠠᠭ᠋ᠠᠯᠠᠬᠤ ᠬᠣᠷᠢᠭ᠎ᠠ᠂ ᠬᠢᠯᠢ ᠵᠢᠨ ᠪᠠᠶ᠋ᠢᠴᠠᠭ᠋ᠠᠬᠤ ᠥᠷᠲᠡᠭᠡ ᠵᠢᠨ ᠨᠡᠪᠲᠡᠷᠡᠬᠦ ᠵᠠᠮ᠎ᠢ ᠪᠠᠶ᠋ᠢᠴᠠᠭ᠋ᠠᠨ ᠡᠵᠡᠮᠳᠡᠬᠦ ᠵᠡᠷᠭᠡ ᠭᠤᠤᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠪᠡ᠃ 1 ᠳ᠋ᠦ᠍ᠭᠡᠷ ᠰᠠᠷ᠎ᠠ ᠵᠢᠨ 30᠎ᠠᠴᠠ 2 ᠳ᠋ᠤᠭ᠋ᠠᠷ ᠰᠠᠷ᠎ᠠ ᠵᠢᠨ 4᠎ᠤ ᠡᠳᠦᠷ ᠪᠣᠯᠲᠠᠯ᠎ᠠ᠂ ᠡᠯ᠎ᠡ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠲᠣᠰ ᠭᠠᠵᠠᠷ᠎ᠤᠨ ᠵᠶ᠋ᠠᠨ ᠤᠯᠤᠰ ᠲᠥᠷᠥ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠤ ᠪᠠᠶ᠋ᠢᠳᠠᠯ᠎ᠳᠤ ᠰᠠᠭᠤᠷᠢᠯᠠᠨ᠂ ᠵᠡᠷᠭᠡ ᠳᠡᠰ᠎ᠤᠨ ᠦᠢ᠍ᠯᠡᠴᠢᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠪᠠ ᠴᠠᠭᠳᠠᠭ᠋ᠠᠨ᠎ᠤ ᠬᠦᠴᠦᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠬᠠᠮᠤᠭ᠎ᠤᠨ ᠶᠡᠬᠡ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨᠴᠢ᠎ᠪᠠᠷ ᠴᠠᠭᠳᠠᠭ᠎ᠠ ᠬᠡᠷᠡᠭᠯᠡᠪᠡ᠃ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠲᠣᠮᠣ ᠬᠡᠯᠪᠡᠷᠢ ᠵᠢᠨ ᠠᠵᠢᠯᠯᠠᠭ᠎ᠠ ᠬᠢᠬᠦ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ᠎ᠤᠨ ᠠᠮᠤᠷ ᠲᠦᠪᠰᠢᠨ᠎ᠤ ᠬᠠᠮᠢᠶᠠᠷᠤᠯᠲᠠ ᠡᠵᠡᠮᠳᠡᠯ ᠵᠶ᠋ᠠᠨ ᠦᠨᠡᠨ ᠬᠦ᠌ ᠴᠢᠩᠭ᠋ᠠᠳᠬᠠᠵᠤ᠂ ᠴᠠᠰᠤ ᠮᠥᠰᠥᠲᠦᠯ᠎ᠤᠨ ᠴᠠᠭ ᠠᠭᠤᠷ᠎ᠢ ᠠᠷᠭ᠋ᠠᠴᠠᠬᠤ ᠪᠠ ᠭᠤᠤᠯᠳᠠᠯᠭ᠎ᠠ᠎ᠲᠠᠢ ᠵᠠᠮ᠎ᠤᠨ ᠬᠡᠰᠡᠭ᠂ ᠴᠠᠭ ᠬᠤᠭᠤᠴᠠᠭ᠋ᠠᠨ᠎ᠤ ᠲᠡᠷᠭᠡ ᠬᠥᠰᠬᠡ ᠵᠢᠨ ᠨᠡᠪᠲᠡᠷᠡᠭᠦᠯᠬᠦ᠎ᠪᠠᠨ ᠴᠢᠩᠭ᠋ᠠᠳᠬᠠᠵᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠴᠠᠭᠳᠠᠭ᠋ᠠᠨ᠎ᠤ ᠬᠦᠴᠦᠨ᠎ᠢ ᠨᠡᠶ᠋ᠢᠲᠡ 53620 ᠬᠥᠮᠦᠨ ᠤᠳᠠᠭ᠎ᠠ ᠵᠠᠷᠤᠴᠠᠭᠤᠯᠵᠤ᠂ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠬᠤ ᠥᠷᠲᠡᠭᠡ ᠵᠢ 98 ᠠᠵᠢᠯᠯᠠᠭᠤᠯᠵᠤ᠂ ᠲᠦᠷ ᠴᠠᠭ᠎ᠤᠨ ᠡᠭᠦᠷᠭᠡ ᠭᠦᠢ᠍ᠴᠡᠳᠬᠡᠬᠦ ᠴᠢᠭ 334᠎ᠢ ᠲᠣᠬᠢᠷᠠᠭᠤᠯᠤᠨ᠂ ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠪᠠ᠃

春节33.jpg


      ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 24 ᠴᠠᠭ ᠵᠶ᠋ᠠᠷ ᠵᠢᠵᠢᠭᠦᠷᠯᠡᠵᠦ ᠠᠵᠢᠯ ᠎ᠳᠤ ᠪᠡᠯᠡᠳᠬᠡᠬᠦ᠂ ᠭᠠᠳᠠᠭᠰᠢ ᠭᠠᠷᠴᠤ ᠮᠡᠳᠡᠭᠦᠯᠵᠦ ᠳᠠᠩᠰᠠᠯᠠᠭᠤᠯᠬᠤ ᠪᠠ ᠴᠢᠬᠤᠯᠠ ᠶᠡᠬᠡ ᠪᠠᠶ᠋ᠢᠳᠠᠯ᠎ᠤᠨ ᠲᠤᠬᠠᠶ ᠵᠢᠭ᠋ᠠᠪᠤᠷᠢ ᠠᠪᠴᠤ ᠮᠡᠳᠡᠭᠦᠯᠬᠦ ᠵᠡᠷᠭᠡ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠤ᠂ ᠦᠢ᠍ᠯᠡᠴᠢᠯᠡᠭᠡᠨ᠎ᠤ ᠠᠵᠢᠯ ᠪᠠ ᠴᠠᠭᠳᠠᠭ᠋ᠠᠨ᠎ᠤ ᠬᠦᠴᠦᠨ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠡᠩᠨᠡᠭᠡ ᠵᠢᠨ ᠢᠮᠠᠭᠲᠠ ᠥᠷᠨᠢᠭᠦᠨ ᠪᠠᠳᠠᠷᠠᠩᠭᠤᠶ ᠪᠥᠭᠡᠳ ᠤᠳᠠᠭ᠋ᠠᠨ ᠳᠠᠭ᠋ᠠᠭ᠋ᠠᠮᠠᠭ᠋ᠠᠶ ᠳᠠᠶ᠋ᠢᠴᠢᠨ ᠬᠦᠴᠦᠨ ᠵᠶ᠋ᠠᠨ ᠪᠠᠲᠤᠯᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠠᠮᠤᠷ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ