ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-11

      2 ᠳ᠋ᠤᠭ᠋ᠠᠷ ᠰᠠᠷ᠎ᠠ ᠵᠢᠨ 21᠎ᠤ ᠡᠳᠦᠷ᠂ ᠪᠥᠬᠥ ᠣᠷᠣᠨ᠎ᠤ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠠᠵᠢᠯ ᠵᠶ᠋ᠠᠨ ᠳ᠋ᠦᠩᠨᠡᠵᠦ᠂ ᠪᠠᠶ᠋ᠢᠳᠠᠯ᠎ᠢ ᠵᠠᠳᠠᠯᠵᠤ᠂ ᠡᠭᠦᠷᠭᠡ᠎ᠪᠠᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

视频会1.jpg


      ᠬᠤᠷᠠᠯ᠎ᠠᠴᠠ᠂ ᠨᠢᠳᠤᠨᠤᠨ᠎ᠠᠴᠠ ᠨᠠᠭ᠋ᠠᠰᠢ᠂ ᠪᠥᠬᠥ ᠣᠷᠣᠨ᠎ᠤ ᠡᠯ᠎ᠡ ᠱᠠᠲᠤ᠂ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠵᠢᠯ᠎ᠤᠨ ᠲᠣᠭᠲᠠᠴᠠ᠎ᠪᠠᠨ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠰᠢᠯᠢᠳᠡᠭᠵᠢᠭᠦᠯᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠴᠣᠬᠢᠯᠲᠠ ᠥᠭᠴᠦ ᠴᠡᠭᠴᠡᠯᠡᠨ ᠵᠠᠰᠠᠬᠤ ᠵᠢ ᠥᠷᠨᠢᠭᠦᠯᠵᠦ᠂ ᠰᠡᠷᠭᠡᠶ᠋ᠢᠯᠡᠨ ᠡᠵᠡᠮᠳᠡᠵᠦ ᠴᠡᠭᠴᠡᠯᠡᠨ ᠵᠠᠰᠠᠬᠤ ᠰᠢᠰᠲ᠋ᠧᠮ᠎ᠢ ᠪᠥᠬᠥ ᠲᠠᠯ᠎ᠠ᠎ᠪᠠᠷ ᠠᠬᠢᠭᠤᠯᠤᠨ ᠲᠡᠭᠦᠯᠳᠡᠷᠵᠢᠭᠦᠯᠵᠦ᠂ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠰᠠᠶ᠋ᠢᠨ ᠦᠷ᠎ᠡ ᠪᠦᠲᠦᠮᠵᠢ ᠤᠯᠪᠠ ᠭᠡᠵᠦ ᠵᠢᠠᠭ᠋ᠠᠵᠤ ᠭᠠᠷᠭ᠋ᠠᠪᠠ᠃

视频会2.jpg


      ᠬᠤᠷᠠᠯ᠎ᠠᠴᠠ᠂ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠰᠡᠳᠬᠢᠯᠭᠡ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠵᠦ᠂ ᠰᠢᠨ᠎ᠡ ᠪᠠᠶ᠋ᠢᠳᠠᠯ᠂ ᠰᠢᠨ᠎ᠡ ᠬᠤᠪᠢᠷᠠᠯᠲᠠ ᠵᠢ ᠣᠨᠣᠪᠴᠢᠲᠠᠢ ᠡᠵᠡᠮᠳᠡᠵᠦ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠢ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠠᠬᠢᠭᠤᠯᠵᠤ᠂ ᠰᠢᠨ᠎ᠡ ᠰᠢᠪᠲᠤᠯᠤᠯᠲᠠ᠎ᠲᠠᠢ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠴᠢᠬᠤᠯᠠᠴᠢᠯᠠᠵᠤ᠂ ᠠᠷᠭ᠎ᠠ ᠪᠤᠳᠤᠯᠭ᠎ᠠ ᠵᠢ ᠶᠡᠷᠦᠩᠬᠡᠶ᠋ᠢᠯᠡᠨ ᠬᠡᠷᠡᠭᠯᠡᠵᠦ᠂ ᠴᠢᠮᠡᠭᠡ ᠮᠡᠳᠡᠭᠡ᠎ᠪᠠᠷ ᠲᠠᠩᠨᠠᠨ ᠪᠠᠢ᠌ᠴᠠᠭ᠋ᠠᠬᠤ ᠵᠠᠰᠠᠬᠤ ᠵᠢ ᠵᠢᠯᠣᠭᠣᠳᠣᠭᠰᠠᠨ 《ᠡᠷᠴᠢᠮᠵᠢᠭᠦᠯᠦᠭᠰᠡᠨ ᠲᠠᠢ᠍ᠢ᠍ᠨ》 ᠬᠢᠬᠦ ᠵᠢ ᠪᠠᠷᠢᠮᠲᠠᠯᠠᠵᠤ᠂ 《ᠪᠤᠭᠤᠮᠲᠠ ᠰᠢᠪᠲᠤᠯᠬᠤ ᠲᠠᠢ᠍ᠢ᠍ᠨ》᠎ᠢ ᠭᠣᠣᠯᠳᠠᠯᠭ᠎ᠠ᠎ᠲᠠᠢ᠎ᠪᠠᠷ ᠬᠢᠵᠦ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ 《ᠨᠡᠶ᠋ᠢᠯᠡᠮᠡᠯ ᠲᠠᠢ᠍ᠢ᠍ᠨ》 ᠬᠢᠵᠦ᠂ ᠬᠢᠯᠢ  ᠠᠯᠤᠰᠯᠠᠨ ᠵᠣᠭᠣᠰ ᠮᠦᠷᠦᠢ᠌ᠴᠡᠬᠦ ᠶᠠᠯᠠᠲᠤ ᠠᠵᠢᠯᠯᠠᠭ᠎ᠠ ᠵᠢ ᠳᠠᠷᠤᠬᠤ ᠪᠠᠶ᠋ᠢᠳᠠᠯ᠎ᠢ ᠦᠷᠭᠦᠯᠵᠢᠯᠡᠨ ᠪᠤᠢ ᠪᠣᠯᠭ᠋ᠠᠬᠤ ᠬᠡᠷᠡᠭᠲᠡᠢ᠃ ᠰᠡᠷᠭᠡᠶ᠋ᠢᠯᠡᠨ ᠡᠵᠡᠮᠳᠡᠬᠦ ᠵᠠᠰᠠᠯᠲᠠ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠵᠦ᠂ ᠵᠣᠭᠣᠰ ᠮᠦᠷᠦᠢ᠌ᠴᠡᠬᠦ ᠵᠢ ᠬᠣᠷᠢᠭᠯᠠᠬᠤ ᠹᠷᠣᠨᠲ᠎ᠢ ᠪᠠᠳᠤᠳᠬᠠᠨ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠶᠠᠯᠠᠲᠤ ᠠᠵᠢᠯᠯᠠᠭ᠎ᠠ ᠵᠢᠨ ᠪᠣᠶ ᠪᠣᠯᠬᠤ ᠬᠥᠷᠥᠰᠥ ᠰᠢᠷᠣᠶ ᠵᠢ ᠠᠷᠢᠯᠭ᠋ᠠᠬᠤ ᠬᠡᠷᠡᠭᠲᠡᠶ᠃ ᠲᠣᠭᠲᠠᠴᠠ ᠵᠢᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ ᠵᠶ᠋ᠠᠨ ᠦᠨᠡᠨ ᠬᠦ᠌ ᠪᠠᠳᠠᠷᠠᠭᠤᠯᠵᠤ᠂ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠤ ᠭᠠᠵᠠᠷ᠎ᠲᠤ᠎ᠨᠢ ᠡᠷᠡᠰ ᠨᠠᠶ᠋ᠢᠳᠠᠪᠤᠷᠢᠵᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ᠂ ᠮᠥᠩᠭᠥᠨ ᠭᠦᠢ᠍ᠯᠭᠡᠭᠡ᠂ ᠭᠠᠳᠠᠭ᠋ᠠᠳᠤ ᠶᠠᠪᠤᠳᠠᠯ᠂ ᠤᠬᠠᠭᠤᠯᠭ᠎ᠠ᠂ ᠬᠠᠤᠯᠢ ᠴᠠᠭ᠋ᠠᠵᠠ ᠵᠡᠷᠭᠡ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠠᠭ ᠴᠢᠭᠯᠡᠯ᠎ᠢ ᠲᠣᠳᠣᠷᠬᠠᠶ᠋ᠢᠯᠠᠬᠤ ᠬᠡᠷᠡᠭᠲᠡᠢ᠃ ᠲᠣᠭᠲᠠᠴᠠ᠎ᠪᠠᠷ ᠬᠠᠮᠵᠢᠯᠴᠠᠬᠤ᠂ ᠡᠬᠢ ᠪᠠᠶᠠᠯᠢᠭ᠎ᠢ ᠬᠠᠮᠲᠤ᠎ᠪᠠᠷ ᠬᠡᠷᠡᠭᠯᠡᠬᠦ᠂ ᠮᠡᠳᠡᠭᠡ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠡᠬᠢ ᠪᠠᠶᠠᠯᠢᠭ᠎ᠤᠨ ᠬᠦᠴᠦᠨ᠎ᠢ ᠪᠦᠲᠦᠮᠵᠢᠲᠡᠢ ᠵᠣᠯᠭ᠋ᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠪᠠ ᠤᠯᠤᠰ ᠲᠦᠷᠦ ᠵᠢᠨ ᠦᠷ᠎ᠡ ᠪᠦᠲᠦᠮᠵᠢ᠂ ᠨᠡᠶ᠋ᠢᠭᠡᠮ᠎ᠤᠨ ᠦᠷ᠎ᠡ ᠪᠦᠲᠦᠮᠵᠢ᠂ ᠶᠠᠷᠢᠶ᠎ᠠ ᠬᠡᠯᠡᠯᠴᠡᠭᠡᠨ᠎ᠤ ᠦᠷ᠎ᠡ ᠪᠦᠲᠦᠮᠵᠢ ᠵᠢᠨ ᠣᠷᠭ᠋ᠠᠨᠢᠭ ᠨᠢᠭᠡᠳᠦᠯ᠎ᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠴᠢᠯᠠᠪᠠ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ