3 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯᠯᠠᠬᠤ ᠬᠣᠷᠢᠶ᠎ᠠ ᠵᠢᠨ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠣᠶ ᠯᠢᠶᠠᠩ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠬᠣᠷᠢᠨᠭᠡᠷ ᠰᠢᠨ᠎ᠡ ᠰᠤᠷᠭ᠋ᠠᠭᠤᠯᠢ ᠵᠢᠨ ᠲᠣᠭᠣᠷᠢᠭ᠎ᠲᠤ ᠬᠦᠷᠴᠦ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ᠂ ᠰᠤᠷᠤᠭᠴᠢᠳ᠎ᠤᠨ ᠨᠡᠶ᠋ᠢᠲᠡ ᠵᠢᠨ ᠪᠠᠶ᠋ᠢᠷᠢ ᠵᠢᠨ ᠠᠰᠠᠷ᠂ ᠬᠣᠭᠣᠯᠠᠨ ᠲᠢᠩᠬᠢᠮ᠂ ᠴᠠᠭᠳᠠᠭ᠋ᠠᠨ᠎ᠤ ᠪᠡᠶ᠎ᠡ ᠵᠢᠨ ᠲᠠᠮᠢᠷ᠎ᠤᠨ ᠣᠷᠳᠣᠨ᠂ ᠨᠣᠮ᠎ᠤᠨ ᠰᠠᠩ᠂ ᠵᠢᠭ᠋ᠠᠨ ᠰᠤᠷᠭ᠋ᠠᠯᠲᠠ ᠵᠢᠨ ᠠᠰᠠᠷ ᠵᠡᠷᠭᠡ ᠵᠢᠭ᠋ᠠᠨ ᠰᠤᠷᠭ᠋ᠠᠯᠲᠠ ᠪᠠ ᠠᠮᠢᠳᠤᠷᠠᠯ᠎ᠤᠨ ᠲᠠᠯᠠᠪᠤᠷ᠎ᠲᠤ ᠭᠦᠨᠵᠡᠭᠡᠶ᠋ᠢᠷᠡᠨ᠂ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠲᠤᠬᠠᠶ ᠵᠢᠨ ᠲᠠᠯᠠᠪᠠᠶ᠎ᠳᠤ ᠠᠵᠢᠯᠯᠠᠨ᠂ ᠥᠪᠥᠷ ᠮᠣᠩᠭᠣᠯ᠎ᠤᠨ ᠴᠠᠭᠳᠠᠭ᠎ᠠ ᠵᠢᠨ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠪᠠᠶ᠋ᠢᠭᠤᠯᠬᠤ ᠠᠵᠢᠯ᠎ᠢ ᠰᠤᠳᠤᠯᠤᠨ ᠠᠬᠢᠭᠤᠯᠪᠠ᠃

ᠥᠪᠥᠷ ᠮᠣᠩᠭᠣᠯ᠎ᠤᠨ ᠴᠠᠭᠳᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 1948 ᠣᠨ᠎ᠳᠤ ᠪᠠᠶ᠋ᠢᠭᠤᠯᠤᠭᠳᠠᠵᠤ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠳᠤ ᠬᠠᠮᠤᠭ ᠡᠷᠲᠡ ᠪᠠᠶ᠋ᠢᠭᠤᠯᠤᠭᠳᠠᠭᠰᠠᠨ ᠳᠣᠲᠣᠭ᠋ᠠᠳᠤ ᠵᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠪᠣᠯᠤᠨ᠎ᠠ᠃ 2025 ᠣᠨ᠎ᠤ 2 ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ ᠮᠠᠨ᠎ᠤ ᠣᠷᠣᠨ᠎ᠤ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠰᠠᠭᠤᠷᠢ ᠪᠣᠯᠭ᠋ᠠᠨ ᠥᠪᠥᠷ ᠮᠣᠩᠭᠣᠯ᠎ᠤᠨ ᠴᠠᠭᠳᠠᠭ᠎ᠠ ᠵᠢᠨ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠯᠪᠠᠨ᠎ᠠᠴᠠ ᠡᠷᠭᠢᠯᠡᠭᠰᠡᠨ ᠡᠩ᠎ᠤᠨ ᠵᠢᠩᠬᠢᠨᠢ ᠠᠩᠭᠢ ᠵᠢᠨ ᠰᠤᠷᠭ᠋ᠠᠭᠤᠯᠢ ᠪᠣᠯᠪᠠ᠂ ᠠᠩᠬᠠᠨ᠎ᠤ ᠡᠭᠡᠯᠵᠢ᠎ᠳᠤ ᠲᠤᠷᠰᠢᠨ ᠪᠠᠶ᠋ᠢᠴᠠᠭ᠋ᠠᠬᠤ ᠤᠬᠠᠭ᠋ᠠᠨ᠂ ᠠᠮᠤᠷ᠎ᠢ ᠬᠠᠮᠠᠭ᠋ᠠᠯᠠᠬᠤ ᠤᠬᠠᠭ᠋ᠠᠨ᠂ ᠰᠦᠯᠵᠢᠶᠡᠨ᠎ᠤ ᠠᠮᠤᠷ ᠲᠦᠪᠰᠢᠨ ᠬᠢᠭᠡᠳ ᠬᠠᠤᠯᠢ ᠬᠡᠷᠡᠭᠵᠢᠭᠦᠯᠬᠦ᠂ ᠬᠠᠤᠯᠢ ᠵᠢᠨ ᠤᠬᠠᠭ᠋ᠠᠨ ᠵᠡᠷᠭᠡ ᠡᠩ᠎ᠤᠨ ᠵᠢᠩᠬᠢᠨᠢ ᠠᠩᠭᠢ ᠵᠢᠨ 4 ᠲᠤᠰᠬᠠᠶ ᠮᠡᠷᠭᠡᠵᠢᠯ ᠲᠣᠬᠢᠷᠠᠭᠤᠯᠪᠠ᠃
ᠳ᠋ᠦ᠋ ᠬᠣᠶ ᠯᠢᠶᠠᠩ᠎ᠠᠴᠠ᠂ ᠳᠡᠭᠡᠳᠦ ᠰᠤᠷᠭ᠋ᠠᠭᠤᠯᠢ ᠠᠵᠠ ᠲᠣᠬᠢᠶᠠᠯ᠎ᠢ ᠠᠮᠵᠢᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠵᠢᠩᠬᠢᠨᠢ ᠠᠩᠭᠢ ᠪᠠᠶ᠋ᠢᠭᠤᠯᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠲᠤᠰᠬᠠᠶ ᠠᠩᠭᠢ ᠪᠠᠶ᠋ᠢᠭᠤᠯᠤᠨ᠂ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠠᠵᠢᠯ᠎ᠤᠨ ᠬᠤᠭᠤᠴᠠᠭ᠎ᠠ᠎ᠪᠠᠨ ᠲᠣᠳᠣᠷᠬᠠᠢ᠌ᠯᠠᠵᠤ᠂ ᠵᠢᠷᠤᠭ ᠡᠯᠭᠦᠨ ᠪᠠᠶ᠋ᠢᠯᠳᠤᠵᠤ᠂ ᠨᠠᠮᠤᠷ᠎ᠤᠨ ᠤᠯᠠᠷᠢᠯ᠎ᠤᠨ ᠰᠣᠷᠣᠭᠴᠢ ᠡᠯᠰᠡᠬᠦ᠂ ᠪᠠᠭᠰᠢ ᠲᠣᠬᠢᠷᠠᠭᠤᠯᠬᠤ᠂ ᠴᠢᠳᠠᠪᠤᠷᠢᠲᠠᠨ ᠬᠥᠮᠦᠵᠢᠭᠦᠯᠬᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠠᠳᠬᠤᠬᠤ ᠬᠡᠷᠡᠭᠲᠡᠶ᠃ ᠤᠷᠢᠳᠠᠴᠢ ᠴᠢᠨᠠᠷᠲᠠᠢ ᠲᠥᠯᠥᠪᠵᠢᠭᠦᠯᠭᠡ᠎ᠪᠠᠨ ᠴᠢᠩᠭ᠋ᠠᠳᠬᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠳᠡᠭᠡᠳᠦ ᠰᠤᠷᠭ᠋ᠠᠭᠤᠯᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠤᠯᠤᠰ ᠲᠥᠷᠥ ᠵᠢᠨ ᠵᠢᠯᠣᠭᠣᠳᠤᠮᠵᠢ ᠵᠢ ᠨᠠᠩ ᠶᠡᠬᠡ ᠡᠷᠴᠢᠮ ᠵᠶ᠋ᠠᠷ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠣᠨᠣᠯ ᠵᠶ᠋ᠠᠷ ᠵᠡᠪᠰᠡᠭᠯᠡᠬᠦ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠦᠴᠦᠯᠡᠨ ᠬᠥᠮᠦᠵᠢᠭᠦᠯᠬᠦ ᠬᠡᠷᠡᠭᠲᠡᠶ᠃ ᠳᠣᠲᠣᠭ᠋ᠠᠳᠤ ᠠᠭᠤᠯᠤᠭᠳᠠᠬᠤᠨ᠎ᠤ ᠬᠡᠯᠪᠡᠷᠢ ᠵᠢᠨ ᠪᠠᠶ᠋ᠢᠭᠤᠯᠤᠯᠲᠠ ᠵᠢ ᠨᠠᠩ ᠶᠡᠬᠡ ᠡᠷᠴᠢᠮ ᠵᠶ᠋ᠠᠷ ᠴᠢᠩᠭ᠋ᠠᠳᠬᠠᠵᠤ᠂ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠨ᠂ ᠴᠢᠳᠠᠪᠤᠷᠢᠲᠠᠨ᠎ᠤ ᠦᠰᠦᠨ ᠪᠣᠶ᠋ᠢᠵᠢᠯᠲᠠ ᠪᠠ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠵᠢᠮ᠎ᠡ ᠶᠣᠰᠣ ᠵᠢ ᠣᠨᠣᠪᠴᠢᠲᠠᠶ ᠡᠵᠡᠮᠳᠡᠵᠦ᠂ ᠪᠥᠬᠥ ᠤᠯᠤᠰ᠎ᠤᠨ ᠠᠳᠠᠯᠢ ᠲᠥᠷᠥᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠡᠮᠦᠨ᠎ᠡ ᠪᠠᠶ᠋ᠢᠷᠢ᠎ᠳᠤ ᠣᠷᠣᠵᠤ ᠲᠠᠰ ᠳᠡᠪᠰᠢᠭᠦᠯᠬᠦ ᠵᠢ ᠲᠦᠷᠭᠡᠳᠬᠡᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠨᠡᠩ ᠶᠡᠬᠡ ᠡᠷᠴᠢᠮ ᠵᠶ᠋ᠠᠷ ᠴᠢᠩᠭ᠋ᠠᠳᠬᠠᠵᠤ᠂ ᠭᠠᠳᠠᠭ᠋ᠠᠳᠤ᠎ᠠᠴᠠ ᠣᠷᠣᠭᠤᠯᠵᠤ ᠳᠣᠲᠣᠭ᠋ᠠᠳᠤ᠎ᠳᠤ᠎ᠪᠠᠨ ᠪᠣᠯᠪᠠᠰᠤᠷᠠᠭᠤᠯᠬᠤ ᠵᠢ ᠴᠢᠩᠭ᠋ᠠᠳᠬᠠᠵᠤ᠂ ᠪᠠᠭᠰᠢ ᠵᠢᠨ ᠡᠩᠨᠡᠭᠡᠨ᠎ᠤ ᠪᠦᠬᠦᠯᠢ ᠴᠣᠭᠴᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ ᠵᠶ᠋ᠠᠷ ᠴᠠᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠬᠥᠮᠦᠵᠢᠯ᠎ᠤᠨ ᠡᠩᠨᠡᠭᠡ ᠵᠢ ᠪᠠᠶ᠋ᠢᠭᠤᠯᠬᠤ ᠬᠡᠷᠡᠭᠲᠡᠢ᠃ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠪᠠ ᠬᠢᠷᠢ ᠲᠦᠪᠰᠢᠨ᠎ᠢ ᠨᠠᠩ ᠶᠡᠬᠡ ᠡᠷᠴᠢᠮ ᠵᠶ᠋ᠠᠷ ᠳᠡᠭᠡᠭᠰᠢᠯᠡᠭᠦᠯᠵᠦ᠂ ᠲᠡᠷᠢᠭᠦᠨ᠎ᠤ ᠲᠤᠷᠰᠢᠯᠭ᠎ᠠ ᠵᠢ ᠰᠤᠷᠤᠯᠴᠠᠨ ᠲᠣᠯᠢᠯᠠᠵᠤ᠂ ᠲᠣᠰ ᠪᠡᠶ᠎ᠡ ᠵᠢᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂ ᠴᠢᠳᠠᠪᠤᠷᠢᠲᠠᠨ ᠬᠥᠮᠦᠵᠢᠭᠦᠯᠬᠦ ᠲᠥᠰᠦᠯ ᠵᠶ᠋ᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠳᠣᠲᠣᠭ᠋ᠠᠳᠤ ᠵᠢ ᠬᠠᠮᠠᠭ᠋ᠠᠯᠠᠬᠤ ᠴᠢᠳᠠᠪᠤᠷᠢᠲᠠᠨ᠎ᠢ ᠴᠢᠷᠮᠠᠶ᠋ᠢᠨ ᠬᠥᠮᠦᠵᠢᠭᠦᠯᠬᠦ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠨᠠᠩ ᠶᠡᠬᠡ ᠡᠷᠴᠢᠮ ᠵᠶ᠋ᠠᠷ ᠴᠢᠩᠭ᠋ᠠᠳᠬᠠᠵᠤ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠰᠲ᠋ᠧᠮ᠎ᠤᠨ ᠣᠶ᠋ᠢᠯᠠᠭ᠋ᠠᠭᠳᠠᠬᠤᠨ ᠵᠶ᠋ᠠᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠬᠥᠭᠵᠢᠯᠲᠡ ᠵᠢᠨ ᠰᠠᠭᠤᠷᠢ᠎ᠪᠠᠨ ᠪᠡᠬᠢᠵᠢᠭᠦᠯᠬᠦ ᠬᠡᠷᠡᠭᠲᠡᠶ᠃ ᠤᠮᠠᠷᠠᠲᠤ ᠬᠢᠯᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠥᠮᠦᠵᠢᠯ᠎ᠤᠨ ᠨᠡᠷᠡᠲᠦ ᠲᠡᠮᠳᠡᠭ᠎ᠢ ᠨᠡᠩ ᠶᠡᠬᠡ ᠡᠷᠴᠢᠮ ᠵᠶ᠋ᠠᠷ ᠪᠤᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠳᠤ ᠦᠢ᠍ᠯᠡᠴᠢᠯᠡᠬᠦ ᠪᠠ ᠪᠠᠲᠤᠯᠠᠭ᠎ᠠ ᠬᠠᠩᠭ᠋ᠠᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ ᠪᠠ ᠳᠠᠳᠤᠯᠭ᠎ᠠ ᠪᠣᠯᠪᠠᠰᠤᠷᠠᠯ᠎ᠤᠨ ᠣᠨᠴᠠᠯᠢᠭ ᠪᠦᠬᠦᠢ ᠬᠢᠯᠠᠰ ᠴᠡᠭ᠎ᠢ ᠭᠦᠢ᠍ᠴᠡᠳ ᠠᠭᠤᠳᠠᠯᠵᠤ᠂ ᠤᠮᠠᠷᠠᠲᠤ ᠬᠢᠯᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠥᠮᠦᠵᠢᠯ᠎ᠤᠨ ᠨᠡᠷᠡᠲᠦ ᠲᠡᠮᠳᠡᠭ᠎ᠢ ᠡᠭᠦᠳᠬᠦ ᠬᠡᠷᠡᠭᠲᠡᠢ ᠭᠡᠵᠦ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯᠯᠠᠬᠤ ᠬᠣᠷᠢᠶ᠎ᠠ ᠵᠢᠨ ᠳᠡᠳ᠋ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠸᠠᠩ ᠪᠢᠨ ᠵᠢᠴᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠵᠠᠶ᠃