ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠬᠤᠷᠠᠯ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-03-28

      3 ᠳ᠋ᠤᠭ᠋ᠠᠷ ᠰᠠᠷ᠎ᠠ ᠵᠢᠨ 17 ᠪᠣᠯᠣᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ 2025 ᠣᠨ᠎ᠤ 5 ᠳ᠋ᠤᠭ᠋ᠠᠷ᠂ 6 ᠳ᠋ᠤᠭ᠋ᠠᠷ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

八项规定.png


      ᠬᠤᠷᠠᠯ᠎ᠠᠴᠠ 3 ᠰᠠᠷ᠎ᠠ ᠵᠢᠨ 12᠎ᠤᠨ ᠡᠳᠦᠷ᠎ᠤᠨ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 3 ᠳ᠋ᠤᠭ᠋ᠠᠷ ᠰᠠᠷ᠎ᠠ ᠵᠢᠨ 14᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢᠴᠢ 《ᠪᠥᠬᠥ ᠨᠠᠮ᠎ᠤᠨ ᠳᠣᠲᠣᠷ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠦᠬᠦ ᠣᠷᠣᠨ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠰᠦᠯ》᠎ᠢ ᠬᠢᠨᠠᠨ ᠵᠥᠪᠯᠡᠵᠦ ᠪᠠᠲᠤᠯᠠᠪᠠ᠃
      ᠬᠤᠷᠠᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ᠂ ᠳᠥᠭᠥᠮ ᠳᠥᠲᠡ ᠪᠣᠳᠠᠲᠠᠢ ᠵᠢ ᠡᠷᠬᠢᠮᠯᠡᠬᠦ᠂ ᠡᠳᠦᠷ ᠲᠤᠳᠤᠮ᠎ᠤᠨ ᠠᠵᠢᠯ᠎ᠳᠤ᠎ᠪᠠᠨ ᠠᠭᠤᠰᠤᠯᠴᠠᠭᠤᠯᠬᠤ᠂ ᠪᠠᠶ᠋ᠢᠩᠭᠤ ᠠᠳᠬᠤᠬᠤ ᠵᠢ ᠪᠠᠷᠢᠮᠲᠠᠯᠠᠵᠤ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠵᠶ᠋ᠠᠷ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ  ᠬᠥᠮᠦᠵᠢᠯ᠎ᠢ ᠥᠷᠨᠢᠭᠦᠯᠬᠦ ᠎ᠳᠤ 

《ᠪᠣᠳᠠᠲᠠᠶ᠋ᠢᠵᠢᠭᠤᠯᠬᠤ》 ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠲᠠᠢ ᠨᠢᠭᠲᠠ ᠤᠶᠠᠯᠳᠤᠭᠤᠯᠵᠤ᠂ ᠰᠤᠷᠤᠯᠴᠠᠵᠦ ᠪᠠᠶ᠋ᠢᠴᠠᠭ᠋ᠠᠨ ᠵᠠᠯᠠᠷᠠᠭᠤᠯᠬᠤ ᠡᠯ᠎ᠡ ᠵᠦᠢ᠍ᠯ᠎ᠤᠨ ᠠᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠤᠯᠴᠠᠪᠠᠯ ᠴᠢᠨᠠᠷ ᠰᠠᠶ᠋ᠢᠲᠠᠢ ᠪᠠᠶ᠋ᠢᠬᠤ᠂ ᠪᠠᠶ᠋ᠢᠴᠠᠭ᠋ᠠᠪᠠᠯ ᠡᠷᠴᠢᠮ᠎ᠲᠠᠢ ᠪᠠᠶ᠋ᠢᠬᠤ᠂ ᠥᠭᠡᠷᠡᠴᠢᠯᠡᠪᠡᠯ ᠦᠷ᠎ᠡ ᠪᠦᠲᠦᠮᠵᠢᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ᠂ ᠡᠭᠦᠳᠡ᠎ᠪᠠᠨ ᠨᠡᠭᠡᠭᠡᠵᠦ ᠬᠥᠮᠦᠵᠢᠯ ᠬᠢᠵᠦ᠂ ᠲᠢᠩᠬᠢᠮ᠎ᠤᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ᠂ ᠡᠮᠦᠨ᠎ᠡ ᠹᠷᠣᠨᠲ᠎ᠲᠤ ᠭᠦᠨᠵᠡᠭᠡᠶ᠋ᠢᠷᠡᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠵᠤ᠂ ᠠᠷᠠᠳ ᠤᠯᠠᠨ᠎ᠤ ᠪᠠᠴᠢᠮ ᠲᠤᠯᠭ᠋ᠠᠮ ᠬᠦᠴᠢᠷ ᠵᠣᠪᠠᠭᠤᠷᠢ ᠪᠠ ᠦᠨᠳᠦᠰᠦᠨ ᠱᠠᠲᠤᠨ᠎ᠤ ᠪᠠᠴᠢᠮ ᠰᠢᠢ᠍ᠳᠪᠦᠷᠢᠯᠡᠬᠦ ᠴᠢᠬᠤᠯᠠᠲᠠᠢ ᠲᠤᠪᠤᠢ᠍ᠢ᠍ᠮ᠎ᠠ ᠠᠰᠠᠭᠤᠳᠠᠯ᠎ᠢ ᠦᠨᠡᠨ ᠬᠦ᠌ ᠲᠣᠳᠣᠷᠬᠠᠢ ᠣᠶ᠋ᠢᠯᠠᠭ᠋ᠠᠵᠤ᠂ ᠬᠠᠨᠳᠤᠯᠭ᠋ᠠᠲᠤ ᠴᠢᠨᠠᠷᠲᠠᠢ᠎ᠪᠠᠷ ᠰᠤᠳᠤᠯᠤᠨ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ