ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠶ᠋ᠢᠯᠠᠩ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠰᠤᠳᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-22

     4 ᠰᠠᠷ᠎ᠠ ᠵᠢᠨ 18᠎ᠤ ᠡᠳᠦᠷ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ᠂ ᠵᠠᠯᠠᠭᠤᠴᠤᠳ᠎ᠤᠨ ᠣᠨᠣᠯ᠎ᠤᠨ ᠰᠤᠷᠤᠯᠴᠠᠯᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠬᠦ᠂ ᠵᠠᠯᠠᠭᠤ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠵᠡᠯ ᠰᠠᠨᠠᠭ᠋ᠠᠨ᠎ᠤ ᠰᠠᠭᠤᠷᠢ᠎ᠪᠠᠨ ᠪᠡᠬᠢᠵᠢᠭᠦᠯᠬᠦ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠬᠤ ᠵᠢ ᠬᠥᠲᠥᠯᠥᠨ ᠵᠢᠯᠣᠭᠣᠳᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠶ᠋ᠢᠯᠠᠩ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃

青年理论学习班.png


      ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ᠂

《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠥᠭᠦᠯᠡᠯᠲᠡ ᠵᠢᠨ ᠲᠡᠭᠦᠪᠦᠷᠢ》 ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠵᠡᠷᠭᠡ ᠠᠭᠤᠯᠭ᠎ᠠ ᠵᠢ ᠰᠤᠷᠤᠯᠴᠠᠵᠤ᠂ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠶ᠋ᠢᠯᠠᠩ᠎ᠤᠨ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ 6 ᠵᠠᠯᠠᠭᠤ ᠠᠷᠠᠳ᠎ᠤᠨ ᠴᠠᠭᠳᠠᠭ᠎ᠠ ᠵᠢᠨ ᠲᠥᠯᠥᠭᠡᠯᠡᠭᠴᠢ ᠥᠪᠡᠷ᠎ᠤᠨ ᠠᠵᠢᠯ ᠰᠤᠷᠤᠯᠴᠠᠯᠭ᠎ᠠ ᠵᠢᠨ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
      ᠬᠤᠷᠠᠯ᠎ᠠᠴᠠ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠪᠣᠯ ᠵᠠᠯᠠᠭᠤᠴᠤᠳ᠎ᠲᠠᠢ ᠨᠢᠭᠲᠠ ᠬᠠᠷᠢᠯᠴᠠᠵᠤ᠂ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠴᠢᠩᠭ᠋ᠠᠳᠬᠠᠬᠤ ᠪᠦᠲᠦᠮᠵᠢᠲᠡᠢ ᠠᠴᠢᠶᠠᠯᠠᠪᠤᠷᠢ ᠮᠥᠨ᠂ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠤᠰ ᠪᠡᠶ᠎ᠡ ᠵᠢᠨ ᠬᠡᠪ ᠴᠢᠨᠠᠷ ᠵᠶ᠋ᠠᠨ ᠳᠡᠭᠡᠭᠰᠢᠯᠡᠭᠦᠯᠬᠦ᠂ ᠦᠰᠦᠨ ᠪᠣᠶ᠋ᠢᠵᠢᠯᠲᠠ ᠲᠠᠪᠰᠢᠯᠳᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠪᠦᠷᠢᠨᠰᠢᠬᠦᠯᠵᠤ᠂ ᠰᠤᠷᠤᠯᠴᠠᠬᠤ ᠠᠭᠤᠯᠭ᠎ᠠ ᠵᠢ ᠪᠠᠶᠠᠯᠢᠭᠵᠢᠭᠤᠯᠵᠤ᠂ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠯᠠᠭᠤ ᠺᠠᠳ᠋ᠷᠴᠤᠳ᠎ᠤᠨ ᠤᠨᠤᠯ᠎ᠤᠨ ᠰᠤᠷᠤᠯᠴᠠᠯᠭ᠎ᠠ ᠵᠢᠨ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠵᠢ ᠠᠬᠢᠭᠤᠯᠬᠤ ᠬᠡᠷᠡᠭᠲᠡᠢ᠃ ᠭᠦᠨᠵᠡᠭᠡᠢ ᠦᠨᠡᠨ ᠬᠦ᠌ ᠠᠳᠬᠤᠨ ᠪᠣᠳᠠᠲᠠᠢ ᠰᠠᠶ᠋ᠢᠵᠢᠷᠠᠭᠤᠯᠵᠤ᠂ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠥᠮᠦᠵᠢᠯ ᠬᠢᠨᠠᠯᠲᠠ ᠬᠠᠮᠢᠶᠠᠷᠤᠯᠲᠠ ᠵᠢ ᠳᠤᠪᠤᠢ᠍ᠢ᠍ᠯᠭ᠋ᠠᠵᠤ᠂ ᠵᠠᠯᠠᠭᠤ ᠺᠠᠳ᠋ᠷ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠰᠠᠨᠠᠭ᠋ᠠᠴᠢᠯᠠᠭ᠎ᠠ᠎ᠠᠴᠠ᠎ᠪᠠᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠠᠰᠠᠭᠤᠳᠠᠯ᠎ᠤᠨ ᠨᠠᠷᠢᠨ ᠳᠠᠩᠰᠠ ᠪᠣᠯᠤᠨ ᠨᠢᠭᠤᠭᠳᠠᠮᠠᠯ ᠣᠨᠳᠣᠣᠰᠢᠭᠰᠠᠨ ᠰᠤᠷᠲᠠᠯ᠎ᠤᠨ ᠠᠰᠠᠭᠤᠳᠠᠯ᠎ᠤᠨ ᠨᠠᠷᠢᠨ ᠳᠠᠩᠰᠠ᠎ᠲᠠᠢ ᠬᠠᠷᠭᠤᠭᠤᠯᠵᠤ᠂ ᠳᠡᠭᠡᠳᠦ ᠱᠠᠲᠤᠨ᠎ᠤ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠠᠵᠢᠯ᠎ᠤᠨ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠲᠤᠰ ᠪᠡᠶ᠎ᠡ ᠵᠢᠨ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠪᠣᠳᠠᠲᠠᠢ ᠢᠯᠡᠷᠡᠯ᠎ᠲᠠᠢ ᠬᠠᠷᠭᠤᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂ ᠬᠠᠷᠢᠴᠠᠭᠤᠯᠬᠤ ᠵᠢᠨ ᠳᠠᠭ᠋ᠠᠤ ᠪᠠᠶ᠋ᠢᠴᠠᠭ᠋ᠠᠨ ᠦᠵᠡᠵᠦ᠂ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠤᠷᠤᠯᠴᠠᠯᠭ᠎ᠠ ᠬᠥᠮᠦᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠭᠤᠤᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠵᠢᠨ ᠦᠷ᠎ᠡ ᠪᠦᠳᠦᠮᠵᠢ ᠵᠢ ᠦᠷᠭᠦᠯᠵᠢᠯᠡᠨ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠪᠥᠬᠥ ᠲᠠᠯ᠎ᠠ᠎ᠪᠠᠷ ᠣᠨᠣᠪᠴᠢᠲᠠᠶ ᠡᠵᠡᠮᠳᠡᠵᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠤᠬᠠᠮᠰᠠᠷ ᠵᠶ᠋ᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠯᠵᠠᠷᠠᠯ᠎ᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠶ᠃ ᠣᠨᠴᠠᠭ᠋ᠠᠶ᠋ᠢᠯᠠᠨ ᠭᠣᠣᠯᠳᠠᠯᠭ᠎ᠠ᠎ᠲᠠᠢ ᠬᠥᠮᠦᠰ᠂ ᠭᠣᠣᠯᠳᠠᠯᠭ᠎ᠠ᠎ᠲᠠᠢ ᠠᠵᠢᠯ᠎ᠤᠨ ᠪᠠᠶ᠋ᠢᠷᠢ ᠪᠣᠯᠤᠨ ᠭᠣᠣᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠵᠢᠨ ᠴᠡᠭ᠎ᠢ ᠨᠠᠷᠢᠨ ᠨᠢᠭᠲᠠ ᠵᠢᠭᠰᠠᠭ᠋ᠠᠨ ᠪᠠᠶ᠋ᠢᠴᠠᠭ᠋ᠠᠵᠤ᠂ ᠢᠯᠵᠢᠷᠡᠯ᠎ᠢ ᠡᠰᠡᠷᠭᠦᠴᠡᠵᠦ ᠴᠢᠨᠠᠷ ᠬᠤᠪᠢᠷᠠᠬᠤ ᠵᠢ ᠰᠡᠷᠭᠡᠶ᠋ᠢᠯᠡᠬᠦ

《ᠰᠡᠷᠭᠡᠶ᠋ᠢᠯᠡᠯᠲᠡ ᠵᠢᠨ ᠲᠣᠣᠷ》᠎ᠢ ᠨᠢᠭᠲᠠ ᠰᠦᠯᠵᠢᠵᠦ᠂ ᠰᠢᠨ᠎ᠡ᠎ᠪᠠᠷ ᠢᠯᠡᠷᠡᠭᠰᠡᠨ᠂ ᠰᠢᠨ᠎ᠡ᠎ᠪᠠᠷ ᠡᠭᠦᠰᠦᠭᠰᠡᠨ ᠠᠰᠠᠭᠤᠳᠠᠯ᠎ᠢ ᠴᠠᠭ ᠲᠤᠬᠠᠢ᠎ᠳᠤ᠎ᠨᠢ ᠳ᠋ᠦᠩᠨᠡᠨ ᠬᠤᠷᠢᠶᠠᠩᠭᠤᠶ᠋ᠢᠯᠠᠵᠤ᠂ ᠵᠠᠯᠠᠭᠤ ᠺᠠᠳ᠋ᠷ᠎ᠤᠨ ᠥᠪᠡᠷ᠎ᠢ᠎ᠪᠠᠨ ᠪᠠᠢ᠌ᠴᠠᠭ᠋ᠠᠨ ᠵᠠᠯᠠᠷᠠᠭᠤᠯᠬᠤ ᠠᠵᠢᠯ᠎ᠢ ᠥᠷᠨᠢᠭᠦᠯᠬᠦ᠂ ᠰᠡᠷᠭᠡᠶ᠋ᠢᠯᠡᠬᠦ ᠤᠬᠠᠮᠰᠠᠷ ᠵᠶ᠋ᠠᠨ ᠴᠢᠩᠭ᠋ᠠᠳᠬᠠᠬᠤ᠂ ᠥᠪᠡᠷ᠎ᠢ᠎ᠪᠠᠨ ᠴᠢᠩᠭ᠎ᠠ ᠪᠠᠷᠢᠬᠤ ᠵᠢ ᠬᠥᠮᠦᠵᠢᠭᠦᠯᠦᠨ ᠵᠢᠯᠣᠭᠣᠳᠴᠤ᠂ ᠰᠤᠷᠤᠯᠴᠠᠬᠤ ᠳᠤᠮᠳᠠ ᠳᠡᠭᠡᠳᠦᠯᠡᠨ ᠵᠢᠷᠦᠬᠡᠰᠢᠶᠡᠬᠦ ᠵᠢ ᠮᠡᠳᠡᠬᠦ᠂ ᠪᠠᠶ᠋ᠢᠴᠠᠭ᠋ᠠᠬᠤ ᠳᠤᠮᠳᠠ ᠵᠥᠷᠢᠶ᠎ᠡ᠎ᠪᠠᠨ ᠡᠷᠢᠬᠦ᠂ ᠥᠭᠡᠷᠡᠴᠢᠯᠡᠬᠦ ᠳᠤᠮᠳᠠ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠱᠠᠭ᠋ᠠᠷᠳᠠᠪᠠ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ