2025 ᠣᠨ᠎ᠤ 4 ᠳ᠋ᠦ᠍ᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 2025 ᠣᠨ᠎ᠤ ᠪᠥᠬᠥ ᠣᠷᠣᠨ᠎ᠤ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠳ᠋ᠦᠩᠨᠡᠨ᠂ ᠣᠳᠣᠬᠠᠨ᠎ᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ᠎ᠳᠤ ᠵᠠᠳᠠᠯᠤᠯᠲᠠ ᠬᠢᠵᠦ᠂ ᠪᠥᠬᠥ ᠵᠢᠯ᠎ᠤᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠶᠠ ᠰᠢᠨ ᠬᠤᠷᠠᠯ᠎ᠢ ᠡᠷᠭᠢᠯᠡᠪᠡ᠃ ᠲᠢᠩᠬᠢᠮ᠎ᠤᠨ ᠰᠢᠭᠤᠳ ᠬᠠᠷᠢᠶ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠴᠠᠭᠳᠠᠭ᠋ᠠᠨ᠎ᠤ ᠲᠥᠷᠥᠯ᠎ᠤᠨ ᠭᠤᠤᠯ ᠬᠠᠷᠢᠭᠤᠴᠠᠯᠭ᠋ᠠᠲᠠᠨ ᠨᠥᠬᠥᠳ᠂ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠪᠠᠭ᠎ᠤᠨ ᠪᠦᠷᠢᠯᠳᠦᠬᠦᠨ᠂ ᠡᠯ᠎ᠡ ᠰᠠᠯᠪᠤᠷᠢ ᠠᠩᠭᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃ ᠬᠤᠷᠠᠯ᠎ᠢ ᠸᠢᠳᠢᠣ᠋ ᠬᠡᠯᠪᠡᠷᠢ᠎ᠪᠠᠷ ᠠᠶ᠋ᠢᠮᠠᠭ ᠬᠣᠲᠠ ᠵᠢᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠦᠷᠲᠡᠯ᠎ᠡ ᠬᠤᠷᠠᠯᠳᠤᠭᠤᠯᠪᠠ᠃

ᠬᠤᠷᠠᠯ᠎ᠠᠴᠠ᠂ 2024 ᠣᠨ᠎ᠳᠤ ᠲᠢᠩᠬᠢᠮ᠎ᠤᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠢᠮᠠᠭᠲᠠ ᠴᠢᠩᠭ᠎ᠠ ᠴᠣᠬᠢᠯᠲᠠ ᠥᠭᠬᠦ ᠪᠠᠶ᠋ᠢᠳᠠᠯ ᠵᠶ᠋ᠠᠨ ᠪᠠᠲᠤᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠢ᠍ᠢ᠍ᠩᠭᠤᠵᠢᠬᠰᠠᠨ ᠲᠡᠮᠡᠴᠡᠯ ᠴᠢᠬᠤᠯᠠ ᠦᠷ᠎ᠡ ᠪᠦᠲᠦᠮᠵᠢ ᠣᠯᠵᠤ᠂ ᠲᠣᠬᠠᠢ ᠵᠢᠨ ᠠᠵᠢᠯᠯᠠᠭ᠋ᠠᠲᠤ ᠠᠮᠢᠨ ᠬᠡᠷᠡᠭ᠎ᠢ 7 ᠵᠢᠯ ᠳᠠᠷᠠᠭ᠋ᠠᠯᠠᠨ ᠪᠦᠬᠦᠨ᠎ᠢ ᠢᠯᠡᠷᠡᠭᠦᠯᠵᠦ᠂ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠬᠥᠮᠥᠷᠭᠡ ᠵᠢᠨ ᠬᠠᠳᠠᠭ᠋ᠠᠯᠠᠯᠲᠠ ᠵᠢᠨ ᠨᠤᠷᠮ᠎ᠠ ᠦᠷᠭᠦᠯᠵᠢᠯᠡᠨ ᠪᠠᠭᠤᠷᠠᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠂ ᠬᠣᠬᠢᠷᠠᠯ ᠵᠡᠷᠭᠡ᠎ᠪᠡᠷ ᠪᠠᠭᠤᠷᠠᠵᠤ᠂ ᠡᠯ᠎ᠡ ᠵᠦᠢ᠍ᠯ᠎ᠤᠨ ᠴᠣᠬᠢᠯᠲᠠ ᠥᠭᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠥᠭᠡᠷᠡᠴᠢᠯᠡᠯᠲᠡ᠎ᠪᠠᠷ ᠪᠠᠶ᠋ᠢᠯᠳᠤᠬᠤ ᠬᠦᠴᠦᠨ᠎ᠢ ᠳᠡᠭᠡᠭᠰᠢᠯᠡᠭᠦᠯᠬᠦ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠲᠣᠭᠣᠷᠢᠭ) ᠭᠤᠷᠪᠠᠨ ᠱᠠᠲᠤᠨ᠎ᠤ ᠲᠤᠷᠰᠢᠨ ᠪᠠᠶ᠋ᠢᠴᠠᠭ᠋ᠠᠬᠤ ᠲᠥᠪ᠎ᠢ ᠦᠨᠳᠦᠰᠦᠨ᠎ᠳᠤ᠎ᠪᠠᠨ ᠪᠠᠶ᠋ᠢᠭᠤᠯᠵᠤ᠂ ᠲᠣᠭ᠋ᠠᠴᠢᠯᠠᠭᠰᠠᠨ ᠲᠤᠷᠰᠢᠨ ᠪᠠᠶ᠋ᠢᠴᠠᠭ᠋ᠠᠬᠤ ᠰᠢᠨ᠎ᠡ ᠵᠠᠭᠪᠤᠷ᠎ᠢ ᠪᠥᠬᠥ ᠲᠠᠯ᠎ᠠ᠎ᠪᠠᠷ ᠥᠷᠨᠢᠭᠦᠯᠵᠦ᠂ ᠡᠷᠡᠭᠦᠦ ᠵᠢᠨ ᠬᠡᠷᠡᠭ᠎ᠤᠨ ᠮᠡᠷᠭᠡᠵᠢᠯ ᠵᠠᠯᠭ᠋ᠠᠭ᠎ᠠ᠎ᠪᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠣᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠲᠡᠶ ᠠᠬᠢᠭᠤᠯᠪᠠ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠣᠳᠣᠬᠠᠨ᠎ᠳᠤ ᠪᠦᠬᠦ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠶᠡᠬᠡ ᠲᠠᠯ᠎ᠠ ᠶᠡᠷᠦᠩᠬᠡᠢ᠎ᠳᠤ᠎ᠪᠠᠨ ᠲᠣᠭᠲᠠᠭᠤᠨ ᠪᠠᠢ᠌ᠵᠤ᠂ ᠭᠡᠪᠡᠴᠦ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠮᠥᠨ ᠬᠦ᠌ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ᠂ ᠴᠣᠬᠢᠯᠲᠠ ᠥᠭᠴᠦ ᠵᠠᠰᠠᠬᠤ ᠡᠭᠦᠷᠭᠡ ᠮᠥᠨ ᠬᠦ᠌ ᠪᠡᠷᠬᠡ ᠬᠠᠲᠠᠭᠤᠵᠢᠯᠲᠠᠢ ᠬᠦᠨᠳᠦ ᠨᠦᠰᠡᠷ ᠪᠠᠢ᠌ᠳᠠᠯ᠎ᠲᠠᠢ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠯ᠎ᠡ ᠱᠠᠲᠤᠨ᠎ᠤ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ ᠢᠮᠠᠭᠲᠠ ᠭᠤᠤᠯ ᠡᠭᠦᠷᠭᠡ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠲᠢᠩᠬᠢᠮ᠎ᠤᠨ ᠨᠠᠮ᠎ᠤᠨ ᠬᠣᠷᠢᠶᠠᠨ᠎ᠤ ᠡᠯ᠎ᠡ ᠵᠦᠢ᠍ᠯ᠎ᠤᠨ ᠴᠢᠬᠤᠯᠠ ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠥᠬᠥ ᠬᠦᠴᠦᠨ ᠵᠶ᠋ᠠᠷ ᠰᠠᠶ᠋ᠢᠲᠤᠷ ᠠᠳᠬᠤᠵᠤ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠠᠷᠠᠳ ᠲᠦᠮᠡᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠢ᠍ᠴᠡᠳᠬᠡᠵᠦ᠂ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠪᠥᠬᠥ ᠬᠦᠴᠦᠨ ᠵᠶ᠋ᠠᠷ ᠠᠬᠢᠭᠤᠯᠬᠤ ᠬᠡᠷᠡᠭᠲᠡᠶ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ 《ᠮᠤᠵᠢ ᠵᠢᠨ ᠲᠡᠰ᠎ᠤᠨ ᠭᠣᠣᠯ ᠬᠠᠷᠢᠭᠤᠴᠠᠨ᠂ ᠬᠣᠲᠠ ᠰᠢᠶᠠᠨ᠎ᠤ ᠭᠣᠣᠯ ᠪᠣᠳᠠᠲᠠᠢ᠌ᠵᠢᠭᠤᠯᠬᠤ》 ᠡᠭᠦᠷᠭᠡ ᠴᠢᠳᠠᠪᠬᠢ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠨᠢᠭᠡᠳᠦᠯᠲᠡᠢ ᠲᠥᠯᠥᠪᠵᠢᠭᠦᠯᠬᠦ ᠪᠠ ᠣᠷᠣᠨ ᠪᠦᠰᠡ ᠵᠢᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ 《ᠶᠡᠬᠡ ᠬᠡᠷᠡᠭ᠎ᠢ ᠵᠠᠪᠠᠯ ᠢᠯᠡᠷᠡᠭᠦᠯᠵᠦ᠂ ᠪᠠᠭ᠎ᠠ ᠬᠡᠷᠡᠭ᠎ᠢ ᠲᠦᠷᠭᠡᠨ ᠢᠯᠡᠷᠡᠭᠦᠯᠵᠦ᠂ ᠬᠡᠷᠡᠭ ᠪᠠᠶ᠋ᠢᠪᠠᠯ ᠵᠠᠪᠠᠯ ᠠᠩᠬᠠᠷᠬᠤ》 ᠵᠠᠷᠴᠢᠮ᠎ᠢ ᠪᠠᠲᠤᠳᠬᠠᠵᠤ᠂ ᠡᠯ᠎ᠡ ᠭᠠᠵᠠᠷ᠎ᠤᠨ ᠠᠮᠤᠷ᠎ᠢ ᠬᠠᠮᠠᠭ᠋ᠠᠯᠠᠬᠤ ᠪᠠᠶ᠋ᠢᠳᠠᠯ᠎ᠤᠨ ᠲᠣᠭᠣᠷᠢᠨ᠎ᠳᠤ ᠪᠠᠶ᠋ᠢᠳᠠᠯ᠎ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢ ᠦᠷᠭᠦᠯᠵᠢᠯᠡᠨ ᠰᠢᠪᠲᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤ ᠠᠬᠢᠭᠤᠯᠵᠤ᠂ ᠠᠷᠠᠳ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠵᠢ ᠬᠦᠴᠦᠲᠡᠢ ᠬᠠᠮᠠᠭ᠋ᠠᠯᠠᠵᠤ᠂ ᠤᠯᠠᠨ ᠲᠦᠮᠡᠨ᠎ᠤ ᠠᠮᠤᠷ ᠲᠦᠪᠰᠢᠨ᠎ᠤ ᠲᠦᠷᠦᠭᠳᠡᠯ ᠪᠣᠯᠤᠨ ᠬᠠᠨᠤᠮᠵᠢ ᠵᠢᠨ ᠬᠡᠮᠵᠢᠶ᠎ᠡ ᠵᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ 《ᠳᠥᠷᠪᠡᠨ ᠰᠢᠨ᠎ᠡ》 ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠬᠡ ᠠᠵᠠ ᠲᠣᠬᠢᠶᠠᠯ᠎ᠢ ᠴᠢᠩᠭ᠎ᠠ ᠠᠳᠬᠤᠵᠤ᠂ ᠴᠠᠭᠳᠠᠭ᠋ᠠᠨ᠎ᠤ ᠶᠠᠪᠤᠳᠠᠯ᠎ᠤᠨ ᠰᠢᠨ᠎ᠡ ᠣᠶ᠋ᠢᠯᠠᠭ᠋ᠠᠭᠳᠠᠬᠤᠨ᠎ᠢ ᠪᠣᠶ ᠪᠣᠯᠭ᠋ᠠᠬᠤ᠂ ᠰᠢᠨ᠎ᠡ ᠠᠵᠢᠯᠯᠠᠭ᠋ᠠᠨ᠎ᠤ ᠵᠠᠭᠪᠤᠷ᠎ᠢ ᠪᠠᠶ᠋ᠢᠭᠤᠯᠬᠤ᠂ ᠰᠢᠨ᠎ᠡ ᠮᠡᠷᠭᠡᠵᠢᠯ ᠲᠣᠨᠣᠭ ᠲᠥᠬᠥᠭᠡᠷᠦᠮᠵᠢ ᠵᠢ ᠴᠢᠩᠭ᠋ᠠᠳᠬᠠᠬᠤ᠂ ᠰᠢᠨ᠎ᠡ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠳᠡᠭᠡᠷ᠎ᠡ ᠶᠡᠬᠡ ᠬᠦᠴᠦ᠂ ᠬᠠᠲᠠᠭᠤ ᠬᠦᠴᠦ ᠣᠷᠣᠭᠤᠯᠵᠤ᠂ ᠲᠤᠷᠰᠢᠨ ᠪᠠᠶ᠋ᠢᠴᠠᠭ᠋ᠠᠬᠤ ᠲᠥᠪ᠎ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠤᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ ᠵᠢᠨ ᠬᠤᠪᠢᠰᠤᠯᠲᠠ᠂ ᠬᠥᠳᠡᠯᠭᠡᠬᠦ ᠬᠦᠴᠦᠨ᠎ᠤ ᠬᠤᠪᠢᠰᠤᠯᠲᠠ ᠵᠢ ᠢᠳᠡᠪᠬᠢᠲᠡᠶ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨ᠎ᠡ ᠴᠢᠨᠠᠷ ᠪᠦᠬᠦᠢ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠴᠠᠭᠳᠠᠭ᠋ᠠᠨ᠎ᠤ ᠲᠥᠷᠥᠯ᠎ᠤᠨ ᠬᠠᠮᠵᠢᠯᠴᠠᠭ᠎ᠠ᠂ ᠬᠦᠴᠦᠨ ᠴᠢᠳᠠᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠴᠢᠩᠭ᠎ᠠ ᠵᠢᠷᠤᠮᠵᠢᠯ᠎ᠲᠠᠢ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠠᠷᠢᠮᠲᠠᠯᠠᠵᠤ᠂ 《ᠦᠨᠡᠨᠴᠢ ᠰᠢᠳᠤᠷᠭᠤ ᠡᠭᠦᠷᠭᠡᠯᠡᠯ᠎ᠲᠠᠢ᠂ ᠡᠷᠡᠯᠬᠡᠭ ᠪᠠᠭ᠋ᠠᠲᠤᠷᠯᠢᠭ ᠡᠷᠡᠰ ᠬᠠᠲᠠᠭᠤ᠂ ᠲᠥᠪ ᠭᠤᠤᠯᠴᠢ ᠭᠣᠶᠠᠴᠢ ᠥᠬᠡᠶ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ》 ᠰᠢᠨ᠎ᠡ ᠴᠠᠭ ᠦᠶ᠎ᠡ ᠵᠢᠨ ᠡᠷᠡᠭᠦᠦ ᠵᠢᠨ ᠴᠠᠭᠳᠠᠭ᠎ᠠ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠠᠬᠢᠯᠭ᠎ᠠ ᠪᠠᠲᠤ ᠵᠢ ᠰᠠᠬᠢᠭᠰᠠᠨ᠂ ᠥᠨᠳᠥᠷ ᠬᠡᠪ ᠪᠣᠯᠪᠠᠰᠤᠷᠠᠯ᠎ᠲᠠᠢ᠂ ᠠᠮᠢᠵᠢᠷᠠᠯ᠎ᠤᠨ ᠬᠦᠴᠦᠨ᠎ᠲᠠᠢ ᠡᠷᠡᠭᠦᠦ ᠵᠢᠨ ᠴᠠᠭᠳᠠᠭ᠎ᠠ ᠵᠢᠨ ᠡᠩᠨᠡᠭᠡ ᠵᠢ ᠴᠢᠷᠮᠠᠶ᠋ᠢᠨ ᠴᠣᠭᠴᠠᠯᠠᠵᠤ᠂ ᠨᠠᠮ ᠪᠣᠯᠤᠨ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠢᠨ᠎ᠡ ᠠᠮᠵᠢᠯᠲᠠ ᠪᠦᠲᠦᠮᠵᠢ ᠵᠢ ᠦᠷᠭᠦᠯᠵᠢᠯᠡᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃