ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠢᠩᠬᠢᠮ᠎ᠤᠨ ᠪᠠᠶ᠋ᠢᠭᠤᠯᠭ᠎ᠠ ᠵᠢᠨ ᠲᠤᠰᠬᠠᠶ ᠲᠤᠰᠢᠶᠠᠯᠲᠤ ᠨᠠᠮ᠎ᠤᠨ ᠠᠵᠢᠯ᠎ᠤᠨ ᠺᠠᠳ᠋ᠷ᠎ᠤᠨ ᠣᠨᠣᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2025-05-15

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠲᠤᠰᠬᠠᠶ ᠲᠤᠰᠢᠶᠠᠯᠲᠤ ᠨᠠᠮ᠎ᠤᠨ ᠠᠵᠢᠯ᠎ᠤᠨ ᠺᠠᠳ᠋ᠷ᠎ᠤᠨ ᠤᠯᠤᠰ ᠲᠥᠷᠥ ᠵᠢᠨ ᠣᠨᠣᠯ᠎ᠤᠨ ᠬᠢᠷᠢ ᠲᠦᠪᠰᠢᠨ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠦᠢ᠍ᠯᠡᠳᠦᠯᠭᠡ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠲᠥᠯᠥᠭᠡ᠂ 4 ᠰᠠᠷ᠎ᠠ ᠵᠢᠨ 21᠎ᠤ ᠡᠳᠦᠷ᠎ᠠᠴᠠ 25᠎ᠤ ᠡᠳᠦᠷ ᠪᠣᠯᠲᠠᠯ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠲᠤᠰᠬᠠᠶ ᠲᠤᠰᠢᠶᠠᠯᠲᠤ ᠨᠠᠮ᠎ᠤᠨ ᠠᠵᠢᠯ᠎ᠤᠨ ᠺᠠᠳ᠋ᠷ᠎ᠤᠨ ᠣᠨᠣᠯ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠵᠦ᠂ ᠲᠢᠩᠬᠢᠮ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ 50 ᠲᠤᠰᠬᠠᠶ ᠲᠤᠰᠢᠶᠠᠯᠲᠤ ᠨᠠᠮ᠎ᠤᠨ ᠠᠵᠢᠯ᠎ᠤᠨ ᠺᠠᠳ᠋ᠷ ᠪᠣᠯᠪᠠᠰᠤᠷᠠᠯ᠎ᠳᠤ ᠣᠷᠣᠯᠴᠠᠪᠠ᠃ 

党务干部1.jpg


       ᠪᠣᠯᠪᠠᠰᠤᠷᠠᠯ᠎ᠤᠨ ᠠᠩᠭᠢ᠎ᠨᠢ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ᠂ ᠡᠷᠳᠡᠮᠲᠡᠳ᠎ᠢ ᠤᠷᠢᠵᠤ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠠᠶ᠋ᠢᠯᠤᠮᠵᠢ ᠬᠢᠯᠭᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠴᠢ ᠲᠡᠭᠦᠨ᠎ᠤ ᠭᠦᠨᠵᠡᠭᠡᠶ ᠠᠭᠤᠯᠤᠭᠳᠠᠬᠤᠨ᠎ᠢ ᠰᠢᠰᠲ᠋ᠧᠮ᠎ᠲᠠᠢ ᠲᠠᠶ᠋ᠢᠯᠪᠤᠷᠢᠯᠠᠪᠠ᠃ ᠪᠠᠭᠰᠢ ᠨᠠᠷ ᠨᠠᠷᠢᠨ ᠪᠣᠳᠠᠲᠠᠶ ᠬᠡᠷᠡᠭ᠎ᠤᠨ ᠵᠢᠱ᠌ᠢᠶ᠎ᠡ᠂ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠶ᠋ᠢᠯᠤᠮᠵᠢ ᠬᠢᠬᠦ᠎ᠪᠠᠷ ᠳᠠᠮᠵᠢᠭᠤᠯᠤᠨ᠂ ᠰᠤᠷᠤᠭᠴᠢᠳ᠎ᠢ ᠬᠥᠲᠥᠯᠥᠨ ᠵᠢᠯᠣᠭᠣᠳᠴᠤ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠭᠦᠯᠵᠦ᠂ ᠨᠠᠮ᠎ᠤᠨ ᠲᠥᠪ ᠬᠣᠷᠢᠶᠠᠨ᠎ᠤ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠡᠷᠡᠰ ᠵᠣᠷᠢᠭ᠎ᠢ ᠭᠦᠨᠵᠡᠭᠡᠶ ᠣᠶ᠋ᠢᠯᠠᠭ᠋ᠠᠭᠤᠯᠵᠤ᠂ ᠨᠠᠮ᠎ᠤᠨ ᠠᠵᠢᠯ᠎ᠤᠨ ᠺᠠᠳ᠋ᠷᠴᠤᠳ᠎ᠤᠨ ᠨᠠᠮ᠎ᠤᠨ ᠰᠢᠨ᠎ᠡ ᠵᠢ ᠡᠭᠦᠳᠬᠦ ᠣᠨᠣᠯ ᠵᠶ᠋ᠠᠷ ᠦᠢ᠍ᠯᠡᠳᠦᠯᠭᠡ᠎ᠪᠠᠨ ᠵᠢᠯᠣᠭᠣᠳᠬᠤ ᠴᠢᠳᠠᠪᠤᠷᠢ ᠵᠢ ᠳᠡᠭᠡᠭᠰᠢᠯᠡᠭᠦᠯᠵᠦ᠂ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠥᠭᠦᠯᠡᠯᠲᠡ ᠵᠢᠨ ᠲᠡᠭᠦᠪᠦᠷᠢ》᠂ ᠨᠢᠭᠤᠴᠠ ᠵᠢ ᠬᠠᠮᠠᠭ᠋ᠠᠯᠠᠬᠤ ᠬᠥᠮᠦᠵᠢᠯ᠂ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠲᠦᠷᠢᠮ᠎ᠤᠨ ᠲᠠᠶ᠋ᠢᠯᠤᠮᠵᠢ ᠵᠡᠷᠭᠡ ᠠᠭᠤᠯᠭ᠎ᠠ ᠵᠢ ᠬᠠᠮᠲᠤ᠎ᠳᠤ᠎ᠨᠢ ᠳᠣᠭᠢᠷᠠᠭᠤᠯᠤᠨ ᠰᠤᠷᠤᠯᠴᠠᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠣᠨᠣᠯ᠎ᠤᠨ ᠰᠠᠭᠤᠷᠢ᠎ᠪᠠᠨ ᠭᠦᠨᠵᠡᠭᠡᠶ᠋ᠢᠷᠡᠭᠦᠯᠪᠡ᠃

党务干部2.jpg


      ᠨᠠᠮ᠎ᠤᠨ ᠠᠵᠢᠯ᠎ᠤᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠤᠳᠤᠷᠢᠳᠬᠤ ᠺᠠᠳ᠋ᠷ ᠪᠠ ᠬᠥᠬᠡᠬᠣᠲᠠ ᠵᠢᠨ ᠠᠷᠠᠳ᠎ᠤᠨ ᠴᠠᠭᠳᠠᠭ᠎ᠠ ᠵᠢᠨ ᠪᠣᠯᠪᠠᠰᠤᠷᠠᠯ᠎ᠤᠨ ᠰᠤᠷᠭ᠋ᠠᠭᠤᠯᠢ ᠵᠢᠨ ᠰᠤᠷᠭ᠋ᠠᠭᠴᠢ ᠵᠢᠨ ᠪᠦᠯᠬᠦᠮ᠎ᠢ ᠤᠷᠢᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠪᠣᠳᠠᠲᠤ ᠶᠠᠪᠤᠳᠠᠯ᠂ ᠦᠨᠳᠦᠰᠦᠨ ᠱᠠᠲᠤᠨ᠎ᠤ ᠨᠠᠮ᠎ᠤᠨ ᠪᠣᠳᠠᠲᠠᠶ ᠵᠢ ᠡᠷᠬᠢᠮᠯᠡᠬᠦ ᠬᠢᠴᠢᠶᠡᠯ᠎ᠤᠨ ᠲᠣᠭᠣᠷᠢᠨ᠎ᠳᠤ᠂ 《ᠣᠨᠣᠯ + ᠪᠣᠳᠠᠲᠤ ᠠᠵᠢᠯᠯᠠᠭ᠎ᠠ》 ᠵᠢᠨ ᠠᠷᠭ᠎ᠠ ᠮᠠᠶᠢᠭ ᠵᠶ᠋ᠠᠷ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠤᠭᠤᠴᠠᠭ᠎ᠠ ᠰᠣᠯᠢᠬᠤ ᠰᠣᠩᠭᠣᠭᠤᠯᠢ᠂ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠂ ᠨᠠᠮ᠎ᠤᠨ ᠭᠡᠰᠢᠭᠦᠨ ᠡᠯᠰᠡᠬᠦ ᠵᠡᠷᠭᠡ ᠡᠳᠦᠷ ᠲᠤᠳᠤᠮ᠎ᠤᠨ ᠠᠵᠢᠯ᠎ᠲᠠᠢ ᠨᠢᠭᠲᠠ ᠬᠣᠯᠪᠣᠭ᠎ᠠ᠎ᠲᠠᠢ ᠠᠭᠤᠯᠭ᠎ᠠ᠎ᠳᠤ ᠰᠢᠰᠲ᠋ᠧᠮ᠎ᠲᠠᠢ ᠪᠥᠭᠡᠳ ᠭᠦᠨᠵᠡᠭᠡᠢ ᠤᠨᠤᠯ᠎ᠤᠨ ᠲᠠᠶ᠋ᠢᠯᠤᠮᠵᠢ ᠬᠢᠬᠦ ᠪᠠ ᠪᠦᠬᠦ ᠶᠠᠪᠤᠴᠠ᠎ᠳᠤ ᠳᠠᠭᠤᠷᠢᠶᠠᠮᠠᠯ ᠪᠣᠳᠠᠲᠤ ᠠᠵᠢᠯᠯᠠᠭ᠎ᠠ ᠬᠢᠵᠦ᠂ ᠰᠤᠷᠤᠭᠴᠢ ᠪᠣᠯᠭ᠋ᠠᠨ ᠪᠦᠷ ᠣᠷᠣᠯᠴᠠᠬᠤ᠂ ᠵᠦᠢ᠍ᠯ ᠳᠠᠷᠠᠭ᠋ᠠᠯᠠᠨ ᠪᠣᠯᠪᠠᠰᠤᠷᠠᠬᠤ᠂ ᠳᠤᠲᠠᠭᠳᠠᠯ ᠵᠶ᠋ᠠᠨ ᠨᠥᠬᠥᠪᠥᠷᠢᠯᠡᠬᠦ᠂ ᠬᠡᠷᠡᠭ᠎ᠤᠨ ᠲᠠᠯᠠᠪᠠᠢ ᠵᠢᠨ ᠲᠥᠭᠡᠷᠢᠭᠳᠡᠯ᠎ᠢ ᠲᠠᠶ᠋ᠢᠯᠬᠤ ᠵᠢ ᠪᠠᠲᠤᠯᠠᠵᠤ᠂ ᠰᠤᠷᠤᠭᠴᠢᠳ᠎ᠲᠤ ᠦᠨᠳᠦᠰᠦᠨ ᠱᠠᠲᠤᠨ᠎ᠤ ᠨᠠᠮ᠎ᠤᠨ ᠠᠵᠢᠯ᠎ᠤᠨ ᠶᠠᠪᠤᠴᠠ ᠪᠠ ᠠᠷᠭ᠎ᠠ ᠵᠢ ᠡᠵᠡᠮᠰᠢᠭᠦᠯᠵᠦ᠂ ᠰᠤᠷᠤᠭᠴᠢᠳ᠎ᠤᠨ ᠪᠣᠳᠠᠲᠠᠶ ᠠᠵᠢᠯᠯᠠᠬᠤ ᠴᠢᠳᠠᠪᠤᠷᠢ ᠪᠠ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠪᠡ᠃
      ᠲᠣᠰ ᠤᠳᠠᠭ᠋ᠠᠨ᠎ᠤ ᠪᠣᠯᠪᠠᠰᠤᠷᠠᠯ᠎ᠨᠢ ᠲᠤᠰᠬᠠᠶ ᠲᠤᠰᠢᠶᠠᠯᠲᠤ ᠨᠠᠮ᠎ᠤᠨ ᠠᠵᠢᠯ᠎ᠤᠨ ᠺᠠᠳ᠋ᠷᠴᠤᠳ᠎ᠤᠨ ᠣᠨᠣᠯ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢ ᠴᠢᠬᠤᠯᠠᠴᠢᠯᠠᠬᠤ᠎ᠪᠠᠷ ᠪᠠᠷᠠᠬᠤ ᠥᠬᠡᠶ᠂ ᠨᠠᠩ ᠴᠤ᠌ ᠨᠠᠮᠴᠢ ᠴᠢᠨᠠᠷ᠎ᠤᠨ ᠪᠣᠯᠪᠠᠰᠤᠷᠠᠯ᠎ᠢ ᠪᠣᠯᠪᠠᠰᠤᠷᠠᠯ᠎ᠤᠨ ᠴᠢᠬᠤᠯᠠ ᠠᠭᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠂ ᠠᠷᠠᠳ᠎ᠤᠨ ᠴᠠᠭᠳᠠᠭ᠎ᠠ ᠵᠢᠨ ᠦᠨᠡᠨᠴᠢ ᠰᠢᠳᠤᠷᠭᠤ ᠪᠠᠶ᠋ᠢᠬᠤ ᠬᠥᠮᠦᠵᠢᠯ᠎ᠢ ᠪᠠᠲᠤ ᠴᠣᠭᠴᠠᠯᠠᠬᠤ᠎ᠲᠠᠢ ᠤᠶᠠᠯᠳᠤᠭᠤᠯᠤᠨ᠂ 《ᠰᠦᠨ ᠳᠠᠯᠠᠢ ᠵᠢᠨ ᠵᠢᠷᠭᠡᠯᠭᠡ》᠂ 《ᠦᠨᠡᠨᠴᠢ ᠰᠢᠳᠤᠷᠭᠤ᠎ᠪᠠᠷ ᠴᠠᠭᠳᠠᠭ᠋ᠠᠨ᠎ᠤ ᠰᠦᠭ ᠰᠦᠨᠡᠰᠦ ᠵᠢ ᠴᠣᠭᠴᠠᠯᠠᠬᠤ》 ᠵᠡᠷᠭᠡ ᠺᠢᠨᠣ᠋ ᠲᠧᠯᠸᠢᠰ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠲᠣᠬᠢᠷᠠᠭᠤᠯᠵᠤ᠂ ᠬᠦᠰᠡᠯᠡᠩ ᠢᠲᠡᠭᠡᠯ ᠵᠣᠷᠢᠭ ᠵᠶ᠋ᠠᠨ ᠤᠯᠠᠮ ᠨᠢᠭᠡ ᠠᠯᠬᠤᠮ ᠪᠠᠲᠤᠳᠬᠠᠨ᠂ ᠨᠠᠮᠴᠢ ᠴᠢᠨᠠᠷ᠎ᠤᠨ ᠦᠵᠡᠯᠲᠡ᠎ᠪᠠᠨ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠦᠨᠡᠨᠴᠢ ᠰᠢᠳᠤᠷᠭᠤ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠪᠠ᠃

党务干部3.jpg


      ᠰᠤᠷᠤᠭᠴᠢᠳ᠂ ᠡᠨᠡ ᠤᠳᠠᠭ᠎ᠠ ᠵᠢᠨ ᠪᠣᠯᠪᠠᠰᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠲᠤᠭᠤᠰᠢᠯᠠᠭᠤᠯᠵᠤ᠂ ᠰᠤᠷᠤᠯᠴᠠᠯᠭ᠎ᠠ᠎ᠪᠠᠨ ᠭᠦᠨᠵᠡᠭᠡᠶ᠋ᠢᠷᠡᠭᠦᠯᠵᠦ᠂ ᠲᠠᠨᠢᠯᠲᠠ᠎ᠪᠠᠨ ᠳᠡᠭᠡᠭᠰᠢᠯᠡᠭᠦᠯᠵᠦ᠂ ᠦᠢ᠍ᠯᠡᠳᠦᠯᠭᠡ᠎ᠪᠠᠨ ᠲᠡᠷᠢᠭᠦᠨ᠎ᠳᠤ ᠲᠠᠯᠪᠢᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠵᠢ ᠴᠢᠷᠮᠠᠶ᠋ᠢᠨ ᠰᠦᠪᠡᠭᠴᠢᠯᠡᠵᠦ᠂ ᠥᠨᠳᠥᠷ ᠪᠠᠷᠢᠮᠵᠢᠶᠠᠲᠤ ᠨᠠᠮ᠎ᠤᠨ ᠪᠠᠶ᠋ᠢᠭᠤᠯᠤᠯᠲᠠ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠳᠦᠯᠦᠨ ᠳᠠᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠪᠡᠶᠡᠯᠡᠭᠦᠯᠬᠦ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ