ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠰᠤᠷᠲᠠᠯ᠎ᠢ ᠴᠡᠭᠴᠡᠯᠡᠬᠦ》 ᠰᠢᠷᠢᠰ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ ᠴᠠᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠪᠠ
ᠨᠡᠶ᠋ᠢᠲᠡᠯᠡᠭᠰᠡᠨ ᠴᠠᠭ᠄ 2025-05-19

      ᠥᠪᠡᠷᠲᠡᠭᠡᠨ   ᠵᠠᠰᠠᠬᠤ  ᠣᠷᠣᠨ ᠎ᠤ  ᠳᠣᠲᠣᠭ᠋ᠠᠳᠤ ᠵᠢ   ᠬᠠᠮᠠᠭ᠋ᠠᠯᠠᠬᠤ  ᠲᠢᠩᠬᠢᠮ ᠎ᠤᠨ 《ᠪᠥᠬᠥ  ᠣᠷᠣᠨ ᠎ᠤ  ᠳᠣᠲᠣᠭ᠋ᠠᠳᠤ ᠵᠢ  ᠬᠠᠮᠠᠭ᠋ᠠᠯᠠᠬᠤ   ᠪᠠᠶ᠋ᠢᠭᠤᠯᠭ᠎ᠠ ᠵᠢᠨ 〈ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠴᠢᠨᠠᠷ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠳᠦᠷᠢ ᠲᠥᠷᠬᠦ ᠵᠢ ᠪᠣᠶ ᠪᠣᠯᠭ᠋ᠠᠬᠤ〉 ᠲᠤᠰᠬᠠᠶ ᠠᠵᠢᠯᠯᠠᠭ᠎ᠠ ᠵᠢ ᠦᠷᠭᠦᠯᠵᠢᠯᠡᠨ ᠠᠬᠢᠭᠤᠯᠬᠤ ᠲᠥᠰᠦᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠰᠤᠷᠲᠠᠯ᠎ᠢ ᠴᠡᠭᠴᠡᠯᠡᠬᠦ》 ᠰᠢᠷᠢᠰ ᠠᠷᠭ᠎ᠠ ᠬᠡᠮᠵᠢᠶ᠎ᠡ ᠵᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠭ᠋ᠠᠵᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠵᠡᠷᠭᠡ ᠠᠵᠢᠯ᠎ᠤᠨ ᠪᠦᠲᠦᠮᠵᠢᠲᠡᠶ ᠠᠴᠢᠶᠠᠯᠠᠪᠤᠷᠢ ᠪᠠ ᠴᠢᠬᠤᠯᠠ ᠭᠠᠷᠳᠠᠴᠠ ᠪᠣᠯᠭ᠋ᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠳᠣᠪᠣᠶ᠋ᠢᠯᠭ᠋ᠠᠨ᠂ ᠭᠦᠨᠵᠡᠭᠡᠶ ᠤᠶᠠᠯᠳᠤᠭᠤᠯᠵᠤ᠂ ᠨᠢᠭᠡ ᠴᠣᠭᠴᠠᠵᠢᠭᠤᠯᠤᠨ ᠬᠦᠴᠦᠯᠡᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠦᠯᠲᠡ ᠵᠢᠨ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠤ ᠲᠣᠭᠲᠠᠭᠤᠨ ᠵᠶ᠋ᠠᠷ ᠳᠡᠭᠡᠭᠰᠢᠯᠡᠬᠦ ᠵᠢ ᠦᠷᠭᠦᠯᠵᠢᠯᠡᠨ ᠠᠬᠢᠭᠤᠯᠪᠠ᠃  

1.jpg


      ᠣᠨᠣᠯ᠎ᠤᠨ ᠰᠠᠭᠤᠷᠢ ᠵᠢ ᠪᠠᠲᠤᠳᠬᠠᠵᠤ ᠰᠠᠬᠢᠯᠭ᠎ᠠ ᠪᠠᠲᠤ ᠣᠪᠣᠷ ᠰᠤᠷᠲᠠᠯ᠎ᠤᠨ 《ᠵᠦᠭᠯᠡᠭᠦᠷ》᠎ᠢ ᠲᠣᠭᠲᠠᠪᠤᠷᠢᠵᠢᠭᠤᠯᠪᠠ᠃
      ᠤᠨᠤᠯ ᠪᠣᠯ ᠠᠵᠢᠯᠯᠠᠭ᠎ᠠ ᠵᠢᠨ ᠤᠳᠤᠷᠢᠳᠤᠮᠵᠢ ᠮᠥᠨ᠂ ᠦᠵᠡᠯ ᠰᠠᠨᠠᠭ᠎ᠠ ᠪᠣᠯ ᠤᠷᠤᠭᠰᠢᠯᠠᠯᠲᠠ ᠵᠢᠨ ᠲᠤᠭ ᠲᠡᠮᠳᠡᠭ ᠮᠥᠨ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭ᠋ᠠᠶ ᠥᠷᠨᠢᠭᠦᠯᠪᠡ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠳᠡᠭᠡᠳᠦ ᠱᠠᠳᠤ᠎ᠨᠢ ᠲᠤᠤᠷᠠᠳᠤ ᠱᠠᠳᠤ᠎ᠪᠠᠨ ᠳᠠᠭ᠋ᠠᠭᠤᠯᠬᠤ ᠵᠢ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠵᠤ᠂ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ ᠵᠢ ᠥᠷᠨᠢᠭᠦᠯᠪᠡ; ᠵᠠᠯᠠᠭᠤ ᠺᠠᠳ᠋ᠷ ᠪᠠ ᠭᠤᠤᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠬᠥᠮᠥᠰ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ 4 ᠰᠠᠷ᠎ᠠ ᠵᠢᠨ 18᠎ᠤ ᠡᠳᠦᠷ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ ᠲᠤᠰᠬᠠᠶ ᠰᠡᠳᠦᠪ ᠵᠶ᠋ᠠᠷ ᠰᠤᠷᠤᠯᠴᠠᠨ ᠰᠤᠳᠤᠯᠵᠤ᠂ 4 ᠰᠠᠷ᠎ᠠ ᠵᠢᠨ 29᠎ᠤ ᠡᠳᠦᠷ ᠵᠠᠯᠠᠭᠤ ᠺᠠᠳ᠋ᠷ ᠪᠠ ᠭᠤᠤᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠬᠥᠮᠦᠰ᠎ᠢ ᠵᠣᠬᠢᠶᠠᠨ ᠪᠠᠶ᠋ᠢᠭᠤᠯᠵᠤ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠦᠨ᠂ ᠲᠡᠳᠡᠨ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠥᠪᠡᠷ᠎ᠢ᠎ᠪᠠᠨ ᠨᠠᠷᠢᠨ ᠬᠢᠨᠠᠮᠠᠭ᠋ᠠᠶ ᠪᠠᠶ᠋ᠢᠴᠠᠭ᠋ᠠᠵᠤ ᠥᠪᠡᠷ ᠵᠶ᠋ᠠᠨ ᠵᠠᠯᠠᠷᠠᠭᠤᠯᠵᠤ᠂ ᠰᠡᠷᠭᠡᠶ᠋ᠢᠯᠡᠬᠦ ᠤᠬᠠᠮᠰᠠᠷ ᠵᠶ᠋ᠠᠨ ᠴᠢᠩᠭ᠋ᠠᠳᠬᠠᠨ᠂ ᠥᠪᠡᠷ᠎ᠢ᠎ᠪᠠᠨ ᠴᠢᠩᠭ᠎ᠠ ᠬᠢᠵᠠᠭ᠋ᠠᠷᠯᠠᠬᠤ ᠪᠣᠯᠭ᠋ᠠᠨ᠎ᠠ᠃
      ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠨᠣᠮ ᠤᠩᠰᠢᠬᠤ ᠠᠩᠭᠢ ᠵᠢ 27 ᠬᠤᠭᠤᠴᠠᠭ᠎ᠠ ᠡᠷᠭᠢᠯᠡᠵᠦ᠂ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠥᠭᠦᠯᠡᠯᠲᠡ ᠵᠢᠨ ᠲᠡᠭᠦᠪᠦᠷᠢ》 ᠵᠢᠨ ᠠᠭᠤᠯᠭ᠎ᠠ ᠵᠢ ᠨᠠᠷᠢᠨ ᠤᠩᠰᠢᠨ ᠣᠶ᠋ᠢᠯᠠᠭ᠋ᠠᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠶᠠᠷᠢᠶᠠᠨ᠎ᠤ ᠲᠠᠩᠬᠢᠮ᠎ᠢ 2 ᠬᠤᠭᠤᠴᠠᠭ᠎ᠠ ᠡᠷᠭᠢᠯᠡᠪᠡ; ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠤᠷᠤᠯᠴᠠᠯᠭ᠎ᠠ ᠬᠥᠮᠦᠵᠢᠯ᠎ᠤᠨ ᠬᠣᠯᠪᠣᠭᠳᠠᠯ ᠪᠥᠬᠥᠶ ᠠᠭᠤᠯᠭ᠎ᠠ ᠵᠢ ᠪᠥᠬᠥ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠦᠨᠡᠨᠴᠢ ᠰᠢᠳᠤᠷᠭᠤ ᠬᠥᠮᠦᠵᠢᠯ᠎ᠤᠨ ᠲᠤᠰᠬᠠᠶ ᠰᠡᠳᠦᠪᠲᠦ ᠪᠣᠯᠪᠠᠰᠤᠷᠠᠯ ᠵᠢᠴᠢ 2025 ᠣᠨ᠎ᠤ ᠨᠢᠭᠡᠳᠦᠭᠡᠷ ᠬᠤᠭᠤᠴᠠᠭ᠋ᠠᠨ᠎ᠤ ᠤᠯᠤᠰ ᠲᠥᠷᠥ ᠵᠢᠨ ᠡᠭᠡᠯᠵᠢ ᠵᠢᠨ ᠪᠣᠯᠪᠠᠰᠤᠷᠠᠯ᠎ᠳᠤ ᠣᠷᠣᠭᠤᠯᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠤᠷᠤᠯᠴᠠᠯᠭ᠎ᠠ ᠬᠥᠮᠦᠵᠢᠯ᠎ᠢ 《ᠪᠦᠷᠢᠨ ᠪᠥᠷᠬᠥᠭᠦᠯᠬᠦ》 ᠵᠢ ᠠᠬᠢᠭᠤᠯᠪᠠ᠃
      ᠡᠮᠵᠡᠭ ᠠᠰᠠᠭᠤᠳᠠᠯ ᠲᠦᠭᠵᠢᠷᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠠᠰᠠᠭᠤᠳᠠᠯ᠎ᠢ ᠴᠡᠭᠴᠡᠯᠡᠨ ᠵᠠᠰᠠᠬᠤ 《ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ》᠎ᠢ ᠬᠢᠪᠡ᠃
      ᠤᠯᠠᠨ ᠲᠦᠮᠡᠨ᠎ᠤ ᠲᠤᠰᠬᠠᠯ ᠶᠡᠬᠡᠲᠡᠢ ᠠᠰᠠᠭᠤᠳᠠᠯ ᠪᠣᠯ ᠳᠠᠷᠤᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠡᠭᠴᠡᠯᠡᠨ ᠵᠠᠰᠠᠬᠤ ᠴᠢᠭᠯᠡᠯ ᠮᠥᠨ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》 ᠵᠢᠴᠢ 《ᠤᠳᠠᠭ᠋ᠠᠨ᠂ ᠪᠦᠳᠦᠭᠦᠯᠢᠭ᠂ ᠬᠠᠭᠤᠷᠮᠠᠭ》 ᠵᠡᠷᠭᠡ ᠬᠦᠴᠢᠷ ᠲᠦᠪᠡᠭ᠎ᠲᠠᠢ ᠠᠰᠠᠭᠤᠳᠠᠯ᠎ᠢ ᠰᠢᠢ᠍ᠳᠪᠦᠷᠢᠯᠡᠬᠦ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠠᠷᠬᠠᠭ ᠬᠡᠮ ᠵᠢᠴᠢ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠵᠡᠷᠭᠡ ᠠᠷᠬᠠᠭ ᠬᠡᠮ᠎ᠢ ᠶᠡᠬᠡ᠎ᠪᠠᠷ ᠴᠡᠭᠴᠡᠯᠡᠨ ᠵᠠᠰᠠᠪᠠ᠃
      ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠥᠨᠳᠥᠷ ᠵᠣᠭᠰᠣᠴᠠ᠎ᠠᠴᠠ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠠᠬᠢᠭᠤᠯᠵᠤ᠂ ᠠᠵᠢᠯ᠎ᠤᠨ ᠲᠥᠰᠦᠯ᠎ᠢ ᠲᠤᠰᠬᠠᠶ ᠰᠡᠳᠦᠪ ᠵᠶ᠋ᠠᠷ ᠰᠤᠳᠤᠯᠤᠨ ᠬᠢᠨᠠᠨ ᠵᠥᠪᠯᠡᠵᠦ᠂ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠭᠤᠤᠯᠳᠠᠯᠭ᠎ᠠ᠎ᠲᠠᠢ ᠠᠬᠢᠭᠤᠯᠵᠤ᠂ 《ᠵᠢᠷᠭᠤᠭ᠋ᠠᠨ ᠡᠵᠡᠷᠬᠡᠭᠴᠢ》 ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠭᠤᠷᠮᠠᠭ ᠮᠠᠭᠤ ᠮᠢᠬᠠᠨ ᠢᠳᠡᠭᠡᠨ ᠦᠢ᠍ᠯᠡᠳᠴᠦ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠴᠡᠭᠴᠡᠯᠡᠨ ᠵᠠᠰᠠᠪᠠ᠃ ᠡᠭᠦᠨ᠎ᠤ ᠬᠠᠮᠲᠤ᠂ ᠡᠩᠨᠡᠭᠡᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ 4 ᠰᠠᠷ᠎ᠠ ᠵᠢᠨ 14᠎ᠤ ᠡᠳᠦᠷ᠎ᠠᠴᠠ 18᠎ᠤ ᠡᠳᠦᠷ ᠪᠣᠯᠲᠠᠯ᠎ᠠ ᠲᠢᠩᠬᠢᠮ᠎ᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠣᠪᠣᠷ ᠰᠤᠷᠲᠠᠯ᠎ᠤᠨ ᠪᠠᠶ᠋ᠢᠳᠠᠯ᠎ᠤᠨ ᠲᠤᠬᠠᠶ ᠲᠤᠰᠬᠠᠶ ᠰᠢᠪᠠᠳᠠᠨ ᠪᠠᠶ᠋ᠢᠴᠠᠭ᠋ᠠᠯᠲᠠ ᠥᠷᠨᠢᠭᠦᠯᠵᠦ᠂ ᠴᠠᠭᠳᠠᠭ᠋ᠠᠨ᠎ᠤ ᠲᠥᠷᠥᠯ᠎ᠤᠨ ᠰᠠᠯᠠᠭ᠎ᠠ ᠮᠥᠴᠢᠷ 31 ᠵᠢ ᠪᠠᠶ᠋ᠢᠴᠠᠭ᠋ᠠᠵᠤ᠂ 532 ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠠᠮᠢᠰᠬᠤᠯ᠎ᠤᠨ ᠰᠫᠢᠷᠲ᠎ᠤᠨ ᠪᠠᠶ᠋ᠢᠴᠠᠭ᠋ᠠᠯᠲᠠ ᠬᠢᠵᠦ᠂ ᠰᠢᠯᠢᠳᠡᠭ ᠰᠠᠶ᠋ᠢᠨ ᠰᠠᠬᠢᠯᠭ᠎ᠠ ᠪᠠᠲᠤ ᠣᠪᠣᠷ ᠰᠤᠷᠲᠠᠯ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠪᠠ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠶᠠᠯᠠᠲᠤ ᠵᠣᠬᠢᠶᠠᠨ ᠪᠠᠶ᠋ᠢᠭᠤᠯᠤᠯᠲᠠ ᠵᠢ ᠠᠮᠵᠢᠯᠲᠠ᠎ᠲᠠᠢ ᠠᠷᠢᠯᠭ᠋ᠠᠵᠤ᠂ ᠠᠮᠢ ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ 2.3 ᠲᠣᠨ ᠢᠷᠡᠯᠲᠡ᠎ᠨᠢ ᠲᠣᠳᠣᠷᠬᠠᠶ ᠥᠬᠡᠶ᠂ ᠬᠢᠵᠢᠭ ᠪᠠᠶ᠋ᠢᠴᠠᠭ᠋ᠠᠯᠭ᠋ᠠᠭᠰᠠᠨ ᠥᠬᠡᠶ ᠪᠤᠶᠤ ᠬᠢᠵᠢᠭ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠥᠬᠡᠶ ᠬᠡᠷᠡᠭ᠎ᠲᠤ ᠬᠣᠯᠪᠣᠭᠳᠠᠭᠰᠠᠨ ᠮᠢᠬᠠᠨ᠎ᠤ ᠵᠦᠢ᠍ᠯ᠎ᠢ ᠪᠠᠶ᠋ᠢᠴᠠᠭ᠋ᠠᠨ ᠢᠯᠡᠷᠡᠭᠦᠯᠪᠡ᠃

2.jpg


      ᠲᠦᠷᠢᠮ᠎ᠤᠨ ᠰᠢᠩᠭᠡᠯᠢᠭ᠎ᠢ ᠴᠢᠩᠭ᠎ᠠ ᠰᠦᠯᠵᠢᠵᠦ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠬᠢᠵᠠᠭ᠋ᠠᠷᠯᠠᠯ᠎ᠤᠨ 《ᠴᠢᠩᠭ᠎ᠠ ᠳᠠᠷᠤᠩᠭᠤᠢ᠌ᠯᠠᠯ᠎ᠤᠨ ᠰᠡᠷᠭᠡᠢ᠌ᠯᠡᠯᠳᠡ ᠵᠢᠨ ᠱᠤᠭᠤᠮ》᠎ᠢ ᠲᠠᠲᠠᠪᠠ᠃
      ᠲᠦᠷᠢᠮ᠎ᠤᠨ ᠪᠠᠶ᠋ᠢᠭᠤᠯᠤᠯᠲᠠ ᠪᠣᠯ ᠡᠩᠨᠡᠭᠡᠨ᠎ᠤ ᠬᠠᠮᠢᠶᠠᠷᠤᠯᠲᠠ ᠵᠢ ᠵᠢᠷᠤᠮᠵᠢᠭᠤᠯᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢᠨ ᠴᠢᠬᠤᠯᠠ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠴᠢᠩᠭ᠎ᠠ ᠪᠠᠶ᠋ᠢᠬᠤ ᠦᠨᠳᠦᠰᠦᠨ ᠬᠦᠭ ᠠᠶᠠᠰ᠎ᠢ ᠭᠤᠶ᠋ᠢᠪᠢᠰᠢ ᠦᠭᠡᠢ ᠪᠠᠷᠢᠮᠲᠠᠯᠠᠵᠤ᠂ ᠴᠢᠩᠭ᠎ᠠ ᠬᠠᠮᠢᠶᠠᠷᠴᠤ᠂ ᠴᠢᠩᠭ᠎ᠠ ᠬᠢᠨᠠᠯᠲᠠ ᠲᠠᠯᠪᠢᠵᠤ᠂ ᠡᠷᠲᠡ᠎ᠠᠴᠠ ᠠᠳᠬᠤᠵᠤ ᠪᠠᠭ᠎ᠠ᠎ᠠᠴᠠ᠎ᠨᠢ ᠠᠳᠬᠤᠵᠤ  ᠡᠬᠢ ᠡᠭᠦᠰᠦᠯ᠎ᠠᠴᠠ᠎ᠨᠢ ᠠᠳᠬᠤᠵᠤ᠂ ᠴᠢᠩᠭ᠎ᠠ ᠬᠠᠮᠢᠶᠠᠷᠬᠤ ᠪᠠ ᠬᠠᠶ᠋ᠢᠷᠠᠯᠠᠨ ᠬᠠᠯᠠᠮᠵᠢᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠵᠣᠷᠢᠭᠵᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠪᠠᠷ ᠴᠢᠬᠤᠯᠠᠴᠢᠯᠠᠵᠤ᠂ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠢᠩᠭ᠎ᠠ ᠨᠠᠶ᠋ᠢᠳᠠᠪᠤᠷᠢᠵᠢᠭᠤᠯᠪᠠ᠃ 4 ᠰᠠᠷ᠎ᠠ ᠵᠢᠨ 24᠎ᠤ ᠡᠳᠦᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ 《ᠴᠢᠬᠡᠴᠢ ᠵᠠᠰᠠᠭ᠎ᠤᠨ ᠶᠠᠷᠢᠯᠴᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠦᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》 ᠪᠠᠭᠤᠯᠭ᠋ᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠰᠠᠨᠠᠭᠤᠯᠵᠤ ᠶᠠᠷᠢᠯᠴᠠᠬᠤ᠂ ᠰᠡᠷᠡᠮᠵᠢᠯᠡᠭᠦᠯᠦᠨ ᠶᠠᠷᠢᠯᠴᠠᠬᠤ᠂ ᠰᠢᠭᠦᠮᠵᠢᠯᠡᠨ ᠬᠥᠮᠦᠵᠢᠭᠦᠯᠬᠦ ᠵᠡᠷᠭᠡ ᠠᠷᠭ᠎ᠠ ᠬᠡᠮᠵᠢᠶ᠎ᠡ ᠵᠢ ᠶᠡᠷᠦᠩᠬᠡᠶ᠋ᠢᠯᠡᠨ ᠬᠡᠷᠡᠭᠯᠡᠵᠦ ᠠᠶᠤᠯ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠳᠣᠲᠣᠭ᠋ᠠᠳᠤ ᠰᠦᠯᠵᠢᠶᠡᠨ᠎ᠳᠤ 《ᠰᠡᠷᠡᠮᠵᠢᠯᠡᠭᠦᠯᠦᠨ ᠢᠯᠡᠴᠢᠯᠡᠬᠦ ᠲᠠᠪᠴᠠᠩ》 ᠭᠠᠷᠭ᠋ᠠᠵᠤ᠂ ᠲᠣᠰ ᠨᠢᠭᠡᠴᠢ ᠵᠢᠨ ᠵᠶ᠋ᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ 40 ᠨᠡᠶ᠋ᠢᠲᠡᠯᠢᠭ ᠬᠡᠷᠡᠭ᠎ᠢ ᠵᠠᠷᠯᠠᠨ ᠮᠡᠳᠡᠭᠳᠡᠪᠡ᠃ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ ᠰᠢᠭᠦᠬᠦ ᠬᠣᠷᠢᠶᠠᠨ᠎ᠤ ᠡᠷᠬᠡ ᠲᠤᠰᠢᠶᠠᠯ ᠵᠶ᠋ᠠᠨ ᠠᠰᠢᠭᠯᠠᠨ ᠬᠢᠭᠰᠡᠨ ᠶᠠᠯᠠᠲᠤ ᠬᠡᠷᠡᠭ᠎ᠢ ᠰᠢᠭᠦᠬᠦ ᠲᠤᠬᠠᠶ ᠵᠢᠨ ᠲᠠᠯᠠᠪᠤᠷ᠎ᠤᠨ ᠲᠢᠩᠬᠢᠮ᠎ᠤᠨ ᠰᠢᠭᠦᠯᠲᠡ ᠵᠢ ᠰᠤᠯᠠ ᠰᠣᠨᠣᠰᠤᠭᠤᠯᠵᠤ ᠰᠡᠷᠡᠮᠵᠢᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ