ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ 《ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ 〈ᠰᠤᠷᠤᠯᠴᠠᠬᠤ᠎ᠪᠠᠷ ᠰᠤᠷᠲᠠᠯ ᠵᠶ᠋ᠠᠨ ᠲᠥᠪ ᠪᠣᠯᠭ᠋ᠠᠬᠤ〉 ᠲᠤᠬᠠᠶ ᠴᠢᠬᠤᠯᠠ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ ᠰᠤᠷᠤᠯᠴᠠᠯᠭ᠎ᠠ ᠬᠥᠮᠦᠵᠢᠯ᠎ᠤᠨ ᠳᠤᠮᠳᠠ ᠵᠠᠯᠠᠭᠤ ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 4 ᠰᠠᠷ᠎ᠠ ᠵᠢᠨ 29᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠵᠠᠯᠠᠭᠤ ᠺᠠᠳ᠋ᠷ ᠪᠣᠯᠤᠨ ᠭᠤᠤᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠬᠥᠮᠦᠰ᠎ᠢ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠥᠪᠯᠡᠯ᠎ᠤᠨ ᠲᠢᠶᠠᠨ ᠭᠧᠨ ᠨᠥᠬᠥᠷ᠎ᠢ ᠣᠨᠴᠠᠭ᠋ᠠᠶ᠋ᠢᠯᠠᠨ ᠤᠷᠢᠵᠤ 《ᠬᠡᠷᠡᠭ᠎ᠤᠨ ᠵᠢᠱ᠌ᠢᠶ᠎ᠡ᠎ᠪᠠᠷ ᠲᠥᠪ ᠤᠨ ᠨᠠᠢ᠍ᠮᠠᠨ ᠲᠣᠭᠲᠠᠭ᠋ᠠᠯ ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠬᠤ》 ᠰᠡᠳᠦᠪ ᠵᠶ᠋ᠠᠷ ᠲᠤᠰᠬᠠᠶ ᠰᠡᠳᠦᠪᠲᠦ ᠬᠠᠪᠰᠤᠷᠤᠨ ᠵᠢᠯᠣᠭᠣᠳᠣᠯᠭ᠎ᠠ ᠬᠢᠯᠭᠡᠵᠦ᠂ ᠬᠡᠷᠡᠭ ᠵᠶ᠋ᠠᠷ ᠰᠠᠬᠢᠯᠭ᠎ᠠ ᠪᠠᠲᠤ ᠵᠢ ᠲᠣᠳᠣᠷᠬᠠᠢ᠌ᠯᠠᠵᠤ᠂ ᠬᠡᠷᠡᠭ ᠵᠶ᠋ᠠᠷ ᠰᠡᠷᠡᠮᠵᠢᠯᠡᠭᠦᠯᠵᠦ᠂ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠵᠤ᠂ ᠵᠠᠯᠠᠭᠤ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠦᠨ᠂ ᠴᠠᠭᠳᠠᠭ᠎ᠠ ᠵᠢᠨ ᠠᠵᠢᠯ ᠵᠶ᠋ᠠᠨ ᠠᠷᠢᠭᠤᠨ ᠴᠢᠬᠡᠴᠢ᠎ᠪᠠᠷ ᠰᠠᠶ᠋ᠢᠲᠤᠷ ᠬᠢᠬᠦ ᠬᠡᠷᠡᠭᠲᠡᠶ ᠭᠡᠪᠡ᠃

ᠡᠷᠬᠢᠯᠡᠭᠴᠢ ᠲᠢᠶᠠᠨ ᠭ᠋ᠸᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠨᠳᠦᠷᠴᠡ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢᠨ ᠪᠣᠳᠠᠲᠠᠢ ᠠᠭᠤᠯᠭ᠎ᠠ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠵᠣᠷᠢᠭ ᠰᠠᠨᠠᠭ᠋ᠠᠨ᠎ᠤ ᠠᠭᠤᠯᠤᠭᠳᠠᠬᠤᠨ᠎ᠢ ᠲᠣᠳᠣᠷᠬᠠᠶ᠋ᠢᠯᠠᠨ ᠥᠭᠦᠯᠡᠭᠰᠡᠨ ᠪᠥᠭᠡᠳ ᠪᠣᠳᠠᠲᠠᠢ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠡᠷᠬᠢᠨ ᠨᠡᠩ ᠰᠠᠶ᠋ᠢᠲᠤᠷ ᠵᠢᠷᠤᠮᠯᠠᠬᠤ ᠲᠤᠬᠠᠢ ᠭᠦᠨᠵᠡᠭᠡᠢ ᠲᠠᠶ᠋ᠢᠯᠪᠤᠷᠢᠯᠠᠵᠤ᠂ ᠲᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠠᠵᠢᠯᠯᠠᠭ᠎ᠠ ᠵᠢ ᠢᠯᠭ᠋ᠠᠬᠤ 《ᠰᠠᠬᠢᠯᠭ᠎ᠠ ᠪᠠᠲᠤ ᠵᠢᠨ ᠤᠯᠠᠭ᠋ᠠᠨ ᠱᠤᠭᠤᠮ》᠎ᠢ ᠲᠣᠳᠣᠷᠬᠠᠶ᠋ᠢᠯᠠᠪᠠ᠃ ᠲᠠᠶ᠋ᠢᠯᠤᠮᠵᠢ᠎ᠨᠢ ᠭᠦᠨᠵᠡᠭᠡᠢ ᠪᠥᠭᠡᠳ ᠣᠶ᠋ᠢᠯᠠᠭ᠋ᠠᠮᠵᠢᠲᠠᠢ᠂ ᠠᠭᠤᠯᠭ᠎ᠠ᠎ᠨᠢ ᠪᠠᠶᠠᠯᠢᠭ᠂ ᠬᠡᠷᠡᠭ᠎ᠤᠨ ᠵᠢᠱ᠌ᠢᠶ᠎ᠡ᠎ᠨᠢ ᠨᠠᠷᠢᠨ ᠪᠣᠳᠠᠲᠠᠢ ᠪᠠᠶ᠋ᠢᠵᠤ᠂ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠨᠡᠪᠲᠡᠷᠬᠡᠢ ᠣᠶ᠋ᠢᠯᠠᠭ᠋ᠠᠬᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢᠨ ᠭᠣᠣᠯ ᠵᠤᠷᠢᠯᠳᠠᠳᠤ ᠴᠢᠬᠤᠯᠠ ᠠᠭᠤᠯᠭ᠎ᠠ ᠵᠢ ᠣᠨᠣᠪᠴᠢᠲᠠᠢ ᠡᠵᠡᠮᠰᠢᠬᠦ᠎ᠳᠤ ᠮᠠᠰᠢ ᠰᠠᠢ᠍ᠢ᠍ᠨ ᠵᠢᠯᠣᠭᠣᠳᠬᠤ ᠠᠴᠢ ᠬᠣᠯᠪᠣᠭᠳᠠᠯ᠎ᠲᠠᠢ ᠶᠤᠮ᠃
ᠬᠤᠷᠠᠯ᠎ᠠᠴᠠ᠂ ᠵᠠᠯᠠᠭᠤ ᠺᠠᠳ᠋ᠷ ᠪᠣᠯ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠦᠴᠦᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠵᠠᠯᠭ᠋ᠠᠮᠵᠢᠯᠠᠭᠴᠢ ᠮᠥᠨ᠂ ᠨᠠᠮ᠎ᠠᠴᠠ ᠵᠠᠯᠠᠭᠤ ᠺᠠᠳ᠋ᠷ᠎ᠢ ᠬᠥᠮᠦᠵᠢᠭᠦᠯᠵᠦ ᠰᠣᠩᠭᠣᠨ ᠳᠡᠪᠰᠢᠭᠦᠯᠬᠦ ᠠᠵᠢᠯ᠎ᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠠᠯᠠᠭᠤ ᠺᠠᠳ᠋ᠷ ᠰᠠᠬᠢᠯᠭ᠎ᠠ ᠪᠠᠲᠤ ᠶᠣᠰᠣ ᠲᠦᠷᠢᠮ᠎ᠤᠨ ᠤᠬᠠᠮᠰᠠᠷ ᠵᠶ᠋ᠠᠨ ᠲᠠᠰᠤᠷᠠᠯᠳᠠ ᠦᠭᠡᠢ ᠴᠢᠩᠭ᠋ᠠᠳᠬᠠᠵᠤ᠂ ᠠᠷᠢᠭᠤᠨ ᠴᠢᠬᠡᠴᠢ᠎ᠪᠠᠷ ᠵᠠᠰᠠᠭ᠎ᠤᠨ ᠠᠵᠢᠯ ᠬᠢᠬᠦ 《ᠠᠩᠬᠠᠨ᠎ᠤ ᠲᠣᠪᠴᠢ》 ᠵᠢ ᠰᠠᠶ᠋ᠢᠲᠤᠷ ᠲᠣᠪᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 《ᠰᠤᠷᠤᠯᠴᠠᠬᠤ》 ᠵᠢ ᠲᠡᠷᠢᠭᠦᠨ ᠴᠢᠬᠤᠯᠠ ᠡᠭᠦᠷᠭᠡ ᠪᠣᠯᠭ᠋ᠠᠨ ᠢᠮᠠᠭᠲᠠ ᠲᠤᠭᠤᠰᠢᠯᠠᠭᠤᠯᠵᠤ᠂ ᠨᠣᠮ ᠤᠩᠰᠢᠬᠤ ᠠᠩᠬᠢ᠂ 《ᠭᠤᠷᠪᠠᠨ ᠬᠤᠷᠠᠯ ᠨᠢᠭᠡ ᠬᠢᠴᠢᠶᠡᠯ》᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠵᠡᠷᠭᠡ ᠠᠴᠢᠶᠠᠯᠠᠪᠤᠷᠢ ᠵᠢ ᠬᠡᠷᠡᠭᠯᠡᠨ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠪᠣᠳᠠᠲᠠᠢ ᠭᠠᠵᠠᠷ᠎ᠲᠤᠨᠢ ᠰᠤᠳᠤᠯᠤᠨ ᠰᠤᠷᠤᠯᠴᠠᠬᠤ᠂ ᠬᠡᠷᠡᠭ᠎ᠤᠨ ᠵᠢᠱ᠌ᠢᠶ᠎ᠡ ᠵᠢ ᠵᠠᠳᠠᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠡᠰᠡᠷᠭᠦ ᠲᠠᠯ᠎ᠠ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠬᠤ ᠳᠤᠮᠳᠠ ᠢᠲᠡᠭᠡᠯ ᠪᠢᠰᠢᠷᠡᠯ᠎ᠤᠨ ᠰᠠᠭᠤᠷᠢ᠎ᠪᠠᠨ ᠦᠷᠭᠦᠯᠵᠢᠯᠡᠨ ᠪᠡᠬᠢᠵᠢᠭᠦᠯᠵᠦ᠂ ᠮᠡᠳᠡᠬᠦᠢ ᠬᠢᠬᠦᠢ᠎ᠪᠠᠨ ᠨᠢᠭᠡᠳᠬᠡᠬᠦ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ᠎ᠢ ᠡᠮᠦᠨ᠎ᠡ᠎ᠪᠠᠨ ᠲᠠᠯᠪᠢᠵᠤ᠂ ᠭᠠᠭᠴᠠᠭ᠋ᠠᠷ ᠪᠠᠶ᠋ᠢᠬᠤ᠎ᠳᠤ᠎ᠪᠠᠨ ᠪᠣᠯᠭᠣᠮᠵᠢᠯᠠᠵᠤ᠂ ᠪᠠᠭ᠎ᠠ ᠳᠡᠭᠡᠷ᠎ᠡ᠎ᠨᠢ ᠰᠡᠷᠭᠡᠶ᠋ᠢᠯᠡᠵᠦ᠂ ᠰᠤᠷᠤᠯᠴᠠᠯᠭ᠎ᠠ ᠬᠥᠮᠦᠵᠢᠯ᠎ᠲᠠᠢ ᠴᠢᠩᠭ᠎ᠠ ᠬᠠᠷᠭᠤᠭᠤᠯᠤᠨ ᠠᠰᠠᠭᠤᠳᠠᠯ᠎ᠢ ᠪᠠᠶ᠋ᠢᠴᠠᠭ᠋ᠠᠨ ᠢᠯᠡᠷᠡᠭᠦᠯᠵᠦ᠂ ᠥᠪᠡᠷ᠎ᠤᠨ ᠪᠡᠶ᠎ᠡ ᠵᠢᠨ ᠳᠤᠲᠠᠭᠳᠠᠯ ᠪᠠ ᠬᠦᠷᠦᠯᠴᠡᠬᠦ ᠥᠬᠡᠶ ᠲᠠᠯ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠡᠷᠢᠵᠦ᠂ ᠵᠣᠷᠢᠭᠲᠠᠶ᠎ᠪᠠᠷ ᠵᠠᠯᠠᠷᠠᠭᠤᠯᠬᠤ ᠬᠡᠷᠡᠭᠲᠡᠶ᠃ ᠪᠠᠶ᠋ᠢᠴᠠᠭ᠋ᠠᠨ ᠢᠯᠡᠷᠡᠭᠦᠯᠦᠭᠰᠡᠨ ᠠᠰᠠᠭᠤᠳᠠᠯ ᠠᠶᠤᠯ ᠲᠦᠭᠰᠢᠭᠦᠷᠢ ᠵᠢ ᠪᠠᠷᠢᠨ ᠢᠯᠡᠷᠡᠭᠦᠯᠪᠡᠯ ᠪᠠᠷᠢᠨ ᠰᠠᠶ᠋ᠢᠵᠢᠷᠠᠭᠤᠯᠬᠤ᠂ ᠮᠡᠳᠡᠭᠰᠡᠨ ᠳᠠᠷᠤᠢ᠎ᠳᠤ᠎ᠪᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠰᠡᠷᠭᠡᠶ᠋ᠢᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠥᠪᠡᠷ᠎ᠢ᠎ᠪᠠᠨ ᠴᠢᠩᠭ᠎ᠠ ᠬᠢᠵᠠᠭ᠋ᠠᠷᠯᠠᠬᠤ ᠬᠡᠷᠡᠭᠲᠡᠢ ᠭᠡᠵᠦ ᠱᠠᠭ᠋ᠠᠷᠳᠠᠪᠠ᠃

ᠤᠯᠠᠨ ᠵᠶ᠋ᠠᠷ ᠵᠶ᠋ᠠᠨ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠥᠳᠥᠭᠡᠯᠭᠡ᠎ᠳᠤ ᠡᠷᠡᠰ ᠥᠳᠥᠭᠡᠭᠳᠡᠬᠦ ᠦᠭᠡᠢ᠂ ᠠᠷᠢᠭᠤᠨ ᠴᠢᠬᠡᠴᠢ ᠤᠯᠤᠰ ᠲᠦᠷᠦ ᠵᠢᠨ ᠮᠥᠨ ᠴᠢᠨᠠᠷ ᠵᠶ᠋ᠠᠨ ᠪᠠᠲᠤᠯᠠᠵᠤ᠂ ᠲᠤᠰ ᠪᠡᠶ᠎ᠡ ᠵᠢᠨ ᠰᠤᠷᠤᠯᠴᠠᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠤᠯᠤᠰ ᠲᠦᠷᠦ ᠵᠢᠨ ᠬᠡᠪ ᠪᠣᠯᠪᠠᠰᠤᠷᠠᠯ ᠪᠣᠯᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ ᠲᠦᠮᠡᠨ᠎ᠤ ᠲᠥᠯᠥᠭᠡ ᠭᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠠᠷᠠᠳ ᠲᠦᠮᠡᠨ᠎ᠤ ᠠᠮᠤᠷ ᠠᠮᠤᠭᠤᠯᠠᠩ᠎ᠢ ᠪᠠᠲᠤᠯᠠᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
ᠲᠠᠶ᠋ᠢᠯᠤᠮᠵᠢ ᠵᠢ ᠸᠢᠳᠢᠣ᠋᠎ᠪᠠᠷ ᠬᠤᠷᠠᠯᠳᠤᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠵᠠᠯᠠᠭᠤ ᠺᠠᠳ᠋ᠷ ᠪᠣᠯᠤᠨ ᠭᠣᠣᠯᠳᠠᠯᠭ᠎ᠠ᠎ᠲᠠᠢ ᠠᠵᠢᠯ᠎ᠤᠨ ᠪᠠᠶ᠋ᠢᠷᠢ ᠵᠢᠨ ᠬᠥᠮᠦᠰ ᠭᠣᠣᠯ ᠬᠤᠷᠠᠯ᠎ᠤᠨ ᠲᠠᠯᠠᠪᠠᠢ᠎ᠳᠤ ᠲᠠᠶ᠋ᠢᠯᠤᠮᠵᠢ ᠵᠢ ᠰᠣᠨᠣᠰᠴᠤ᠂ ᠥᠨᠳᠥᠷ ᠬᠤᠷᠳᠤ ᠵᠢᠨ ᠵᠠᠰᠠᠮᠠᠯ ᠵᠠᠮ᠂ ᠶᠡᠬᠡ ᠬᠢᠩᠭ᠋ᠠᠨ ᠳᠠᠪᠠᠭ᠎ᠠ᠂ ᠨᠢᠰᠬᠡᠯ᠎ᠤᠨ ᠪᠠᠭᠤᠳᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠣᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ᠎ᠤᠨ ᠲᠠᠯᠠᠪᠠᠢ᠎ᠳᠤ ᠰᠤᠷᠤᠯᠴᠠᠯᠭ᠎ᠠ᠎ᠳᠤ ᠣᠷᠣᠯᠴᠠᠵᠤ᠂ ᠨᠡᠢ᠍ᠢ᠍ᠳᠡ 1000 ᠭᠠᠷᠤᠢ ᠬᠥᠮᠦᠨ ᠰᠡᠷᠡᠮᠵᠢᠯᠡᠭᠦᠯᠬᠦ ᠬᠥᠮᠦᠵᠢᠯ ᠬᠦᠷᠳᠡᠪᠡ᠃