ᠣᠶ᠋ᠢᠷ᠎ᠠ᠎ᠳᠤ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠢᠩᠬᠢᠮ᠎ᠤᠨ ᠨᠠᠮ᠎ᠤᠨ ᠬᠣᠷᠢᠶ᠎ᠠ (ᠥᠷᠭᠡᠳᠬᠡᠭᠰᠡᠨ) ᠵᠢᠨ ᠬᠤᠷᠠᠯ ᠬᠤᠷᠠᠯᠳᠤᠭᠤᠯᠵᠤ᠂ ᠲᠥᠪ᠎ᠤᠨ 《ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ》 ᠪᠠ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃

ᠬᠤᠷᠠᠯ᠎ᠠᠴᠠ᠂ ᠲᠦᠷᠢᠮ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠨᠠᠷᠢᠨ ᠬᠢᠨᠠᠮᠠᠭ᠋ᠠᠢ ᠥᠷᠨᠢᠭᠦᠯᠵᠦ᠂ ᠤᠯᠤᠰ ᠲᠦᠷᠦ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠲᠦᠷᠢᠮ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢᠨ ᠬᠦᠨᠳᠦ ᠨᠣᠴᠢᠲᠠᠢ ᠤᠯᠤᠰ ᠲᠦᠷᠦ ᠵᠢᠨ ᠬᠣᠣᠷ ᠬᠥᠨᠥᠭᠡᠯ᠎ᠢ ᠭᠦᠨᠵᠡᠭᠡᠢ ᠲᠣᠳᠣᠷᠬᠠᠢ ᠲᠠᠨᠢᠵᠤ᠂ 《ᠪᠠᠭ᠎ᠠ ᠶᠠᠪᠤᠳᠠᠯ ᠪᠠᠭ᠎ᠠ ᠤᠴᠢᠷ ᠭᠡᠬᠦ ᠤᠨᠤᠯ》 ᠵᠡᠷᠭᠡ ᠪᠤᠷᠤᠭᠤ ᠦᠵᠡᠯ ᠰᠠᠨᠠᠭ᠎ᠠ᠎ᠲᠠᠢ ᠤᠬᠠᠮᠰᠠᠷ᠎ᠠᠴᠠ᠎ᠪᠠᠨ ᠲᠡᠮᠡᠴᠡᠯ ᠬᠢᠵᠦ᠂ ᠰᠠᠬᠢᠯᠭ᠎ᠠ ᠪᠠᠲᠤ ᠵᠢᠨ ᠤᠬᠠᠮᠰᠠᠷ᠂ ᠶᠣᠰᠣ ᠲᠦᠷᠢᠮ᠎ᠤᠨ ᠤᠬᠠᠮᠰᠠᠷ᠎ᠢ ᠡᠷᠡᠰ ᠪᠤᠢ ᠪᠣᠯᠭ᠋ᠠᠬᠤ ᠬᠡᠷᠡᠭᠲᠡᠢ᠃ ᠤᠳᠤᠷᠢᠳᠬᠤ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ ᠤᠳᠤᠷᠢᠳᠬᠤ ᠪᠠᠭ᠎ᠤᠨ ᠪᠦᠷᠢᠯᠳᠦᠬᠦᠨ 《ᠨᠢᠭᠡ ᠠᠵᠢᠯ᠎ᠤᠨ ᠪᠠᠶ᠋ᠢᠷᠢ ᠵᠢᠨ ᠬᠣᠣᠰ ᠬᠠᠷᠢᠭᠤᠴᠠᠯᠭ᠎ᠠ》 ᠵᠢ ᠰᠠᠶ᠋ᠢᠲᠤᠷ ᠭᠦᠢ᠍ᠴᠡᠳᠬᠡᠵᠦ᠂ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ 《ᠨᠢᠭᠡᠳᠦᠭᠡᠷ ᠬᠠᠷᠢᠭᠤᠴᠠᠯᠭ᠋ᠠᠲᠠᠨ》᠎ᠤ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠤᠳᠤᠷᠢᠳᠬᠤ ᠪᠠᠭ᠎ᠢ ᠠᠳᠬᠤᠬᠤ᠂ ᠡᠩᠨᠡᠭᠡ᠎ᠪᠠᠨ ᠳᠠᠭ᠋ᠠᠭᠤᠯᠬᠤ ᠲᠤᠰᠢᠶᠠᠯ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠬᠠᠷᠢᠭᠤᠴᠠᠯᠭ᠎ᠠ᠎ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠵᠶ᠋ᠠᠨ ᠴᠢᠩᠭ᠎ᠠ ᠬᠠᠮᠢᠶᠠᠷᠬᠤ ᠬᠡᠷᠡᠭᠲᠡᠢ ᠴᠢᠬᠤᠯᠠᠴᠢᠯᠠᠪᠠ᠃
ᠬᠤᠷᠠᠯ᠎ᠠᠴᠠ᠂ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ》 ᠠᠵᠢᠯ᠎ᠤᠨ ᠳᠤᠭᠤᠶ᠋ᠢᠯᠠᠩ ᠪᠠᠶ᠋ᠢᠭᠤᠯᠵᠤ᠂ ᠲᠢᠩᠬᠢᠮ᠎ᠤᠨ ᠪᠠᠶ᠋ᠢᠭᠤᠯᠭ᠎ᠠ᠎ᠪᠠᠷ ᠭᠤᠤᠯᠳᠠᠯᠭ᠎ᠠ ᠪᠣᠯᠭ᠋ᠠᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠴᠢ ᠦᠨᠳᠦᠰᠦᠨ ᠱᠠᠲᠤᠨ᠎ᠤ ᠰᠠᠯᠪᠤᠷᠢ ᠠᠩᠭᠢ ᠲᠡᠶ᠋ᠢᠰᠢ ᠥᠷᠭᠡᠳᠬᠡᠵᠦ᠂ 《ᠳᠥᠷᠪᠡᠨ ᠥᠬᠡᠶ ᠬᠣᠶᠠᠷ ᠰᠢᠭᠤᠳ》 ᠠᠷᠭ᠎ᠠ ᠮᠠᠶᠢᠭ᠎ᠢ ᠠᠪᠴᠤ᠂ 《ᠭᠤᠷᠪᠠ ᠵᠢ ᠪᠠᠶ᠋ᠢᠴᠠᠭ᠋ᠠᠬᠤ ᠭᠤᠷᠪᠠ ᠵᠢ ᠦᠵᠡᠬᠦ ᠭᠤᠷᠪᠠ ᠵᠢ ᠲᠣᠳᠣᠷᠬᠠᠶ ᠪᠣᠯᠭ᠋ᠠᠬᠤ》 ᠠᠵᠢᠯ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠳᠥᠷᠪᠡᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠠᠶ᠋ᠢᠩᠭᠤᠵᠢᠭᠰᠠᠨ ᠬᠢᠨᠠᠯᠲᠠ ᠪᠠᠶ᠋ᠢᠴᠠᠭ᠋ᠠᠯᠲᠠ ᠬᠢᠬᠦ ᠬᠡᠷᠡᠭᠲᠡᠶ; ᠦᠨᠡᠨ ᠬᠦ᠌ ᠬᠠᠲᠠᠭᠤ᠎ᠲᠠᠢ᠎ᠨᠢ ᠬᠠᠯᠳᠠᠵᠤ᠂ ᠪᠣᠯᠪᠠᠰᠤᠷᠠᠯ᠂ ᠪᠠᠶ᠋ᠢᠴᠠᠭ᠋ᠠᠨ ᠰᠤᠳᠤᠯᠤᠯᠲᠠ᠂ ᠪᠠᠶ᠋ᠢᠴᠠᠭ᠋ᠠᠯᠲᠠ ᠵᠡᠷᠭᠡ ᠠᠯᠪᠠᠨ ᠶᠠᠪᠤᠳᠠᠯ᠎ᠤᠨ ᠠᠵᠢᠯᠯᠠᠭ᠎ᠠ ᠪᠣᠯᠤᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠂ ᠺᠠᠳ᠋ᠷ᠎ᠲᠤ ᠲᠣᠬᠢᠷᠠᠭᠤᠯᠤᠯᠲᠠ ᠬᠢᠬᠦ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠳᠬᠤᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ᠂ ᠴᠠᠭᠳᠠᠭ᠋ᠠᠨ᠎ᠤ ᠶᠠᠪᠤᠳᠠᠯ᠎ᠢ ᠰᠢᠪᠠᠳᠠᠨ ᠪᠠᠶ᠋ᠢᠴᠠᠭ᠋ᠠᠬᠤ᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠬᠦ ᠵᠡᠷᠭᠡ ᠦᠢ᠍ᠯᠡᠳᠦᠯ᠎ᠢ ᠪᠠᠳᠠᠷᠠᠭᠤᠯᠵᠤ᠂ ᠲᠦᠷᠢᠮ ᠲᠣᠭᠲᠠᠭ᠋ᠠᠯ᠎ᠢ ᠵᠥᠷᠢᠴᠡᠨ ᠢᠳᠡᠵᠦ ᠤᠤᠭᠤᠬᠤ ᠵᠢ ᠴᠢᠩᠭ᠎ᠠ ᠪᠠᠶ᠋ᠢᠴᠠᠭ᠋ᠠᠵᠤ ᠲᠦᠷᠭᠡᠨ ᠰᠢᠢ᠍ᠳᠪᠦᠷᠢᠯᠡᠵᠦ᠂ ᠵᠣᠬᠢᠶᠠᠨ ᠪᠠᠶ᠋ᠢᠭᠤᠯᠤᠭᠴᠢ᠂ ᠣᠷᠣᠯᠴᠠᠭᠴᠢ ᠵᠢ ᠪᠠᠶ᠋ᠢᠴᠠᠭ᠋ᠠᠬᠤ᠎ᠪᠠᠷ ᠪᠠᠷᠠᠬᠤ ᠥᠬᠡᠶ ᠪᠠᠰᠠ ᠬᠠᠮᠢᠶ᠎ᠠ ᠪᠥᠬᠥᠶ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠪᠠᠶ᠋ᠢᠴᠠᠭ᠋ᠠᠵᠤ᠂ ᠰᠤᠷᠲᠠᠯ ᠬᠠᠲᠠᠭᠤ ᠱᠠᠭ᠋ᠠᠷᠳᠠᠯᠭ᠎ᠠ ᠵᠢ ᠦᠨᠡᠨ ᠬᠦ᠌ ᠬᠠᠲᠠᠭᠤ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠬᠦᠴᠦᠷᠬᠡᠭ ᠶᠡᠬᠡ ᠰᠦᠷᠳᠡᠭᠦᠯᠦᠯ᠎ᠢ ᠪᠦᠷᠢᠯᠳᠦᠭᠦᠯᠵᠦ᠂ 《ᠣᠭᠲᠣ ᠠᠭᠤᠴᠢᠯᠠᠬᠤ ᠥᠬᠡᠶ》 ᠣᠪᠣᠷ ᠵᠶ᠋ᠠᠷ ᠰᠠᠬᠢᠯᠭ᠎ᠠ ᠪᠠᠲᠤ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃