ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠲᠥᠪ᠎ᠤᠨ ᠤᠬᠠᠭᠤᠯᠬᠤ ᠬᠡᠯᠲᠡᠰ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠬᠠᠮᠲᠤᠷᠠᠨ ᠪᠥᠬᠥ ᠤᠯᠤᠰ᠎ᠲᠤ 《ᠪᠥᠬᠥ ᠠᠷᠠᠳ᠎ᠤᠨ ᠮᠡᠬᠡᠯᠡᠯ᠎ᠢ ᠡᠰᠡᠷᠭᠦᠴᠡᠬᠦ ᠠᠵᠢᠯᠯᠠᠭ᠎ᠠ》 ᠵᠢᠨ ᠲᠥᠪᠯᠡᠷᠡᠩᠭᠦᠶ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠬᠦ᠎ᠪᠠᠷ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-06-24

      ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠤᠯᠤᠰ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠥᠭᠴᠦ ᠵᠠᠰᠠᠬᠤ ᠠᠵᠢᠯ᠎ᠤᠨ ᠸᠢᠳᠢᠤ᠋ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠤᠯᠢ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠪ᠎ᠤᠨ ᠤᠬᠠᠭᠤᠯᠬᠤ ᠬᠡᠯᠲᠡᠰ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ 6 ᠰᠠᠷ᠎ᠠ ᠵᠢᠨ 16᠎ᠤ ᠡᠳᠦᠷ 《ᠪᠥᠬᠥ ᠠᠷᠠᠳ᠎ᠤᠨ ᠮᠡᠬᠡᠯᠡᠯ᠎ᠢ ᠡᠰᠡᠷᠭᠦᠴᠡᠬᠦ ᠠᠵᠢᠯᠯᠠᠭ᠎ᠠ》 ᠵᠢᠨ ᠲᠥᠪᠯᠡᠷᠡᠩᠭᠦᠶ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠬᠠᠮᠲᠤᠷᠠᠨ ᠡᠬᠢᠯᠡᠭᠦᠯᠵᠦ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠯᠠᠨ ᠲᠦᠮᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠮᠰᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶ᠋ᠢᠭᠡᠮ ᠳᠠᠶᠠᠭ᠋ᠠᠷ᠎ᠤᠨ ᠮᠡᠬᠡᠯᠡᠯ᠎ᠢ ᠡᠰᠡᠷᠭᠦᠴᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠦᠨᠡᠨ ᠬᠦ᠌ ᠪᠣᠶ ᠪᠣᠯᠭ᠋ᠠᠨ᠎ᠠ᠃
      ᠲᠣᠰ ᠤᠳᠠᠭ᠋ᠠᠨ᠎ᠤ ᠲᠥᠪᠯᠡᠷᠡᠩᠭᠦᠶ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠭᠤᠤᠯ ᠰᠡᠳᠦᠪ ᠪᠣᠯ 《ᠮᠡᠬᠡᠯᠡᠯ᠎ᠢ ᠡᠰᠡᠷᠭᠦᠴᠡᠬᠦ ᠪᠣᠯ ᠵᠠᠪᠠᠯ ᠰᠤᠷᠬᠤ ᠬᠢᠴᠢᠶᠡᠯ᠂ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠬᠠᠷᠢᠭᠤᠴᠠᠯᠭ᠎ᠠ ᠵᠢ ᠰᠠᠶ᠋ᠢᠲᠤᠷ ᠰᠠᠬᠢᠬᠤ》 ᠪᠣᠯᠤᠨ᠎ᠠ᠃ ᠠᠵᠢᠯᠯᠠᠭ᠎ᠠ ᠵᠢᠨ ᠲᠣᠬᠢᠷᠠᠭᠤᠯᠤᠯᠲᠠ ᠵᠢ ᠦᠨᠳᠦᠰᠦᠯᠡᠪᠡᠯ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠥᠬᠥ ᠤᠯᠤᠰ᠎ᠤᠨ ᠬᠡᠪᠴᠢᠶᠡᠨ᠎ᠳᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠬᠦ 《ᠨᠡᠶ᠋ᠢᠭᠡᠮ ᠲᠣᠭᠣᠷᠢᠭ᠂ ᠬᠥᠳᠡᠭᠡ ᠲᠣᠰᠬᠣᠨ᠂ ᠬᠡᠷ ᠪᠦᠯᠢ᠂ ᠰᠤᠷᠭ᠋ᠠᠭᠤᠯᠢ᠂ ᠠᠵᠤ ᠠᠬᠤᠶ᠋ᠢᠯᠠᠯ᠎ᠳᠤ ᠣᠷᠣᠬᠤ》 《ᠲᠠᠪᠤᠨ ᠣᠷᠣᠬᠤ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠶ᠋ᠢᠭᠡᠮ ᠲᠣᠭᠣᠷᠢᠭ᠎ᠲᠤ ᠰᠠᠭᠤᠷᠢᠯᠠᠭᠰᠠᠨ᠂ ᠪᠥᠬᠥ ᠨᠡᠶ᠋ᠢᠭᠡᠮ᠎ᠢ ᠬᠠᠮᠤᠷᠤᠭᠰᠠᠨ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠰᠢᠰᠲ᠋ᠧᠮ᠎ᠢ ᠬᠦᠴᠦᠯᠡᠨ ᠪᠠᠶ᠋ᠢᠭᠤᠯᠤᠨ᠎ᠠ᠃ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠬᠠᠨᠳᠤᠯᠭ᠋ᠠᠲᠤ ᠴᠢᠨᠠᠷ᠎ᠢ ᠴᠢᠩᠭ᠋ᠠᠳᠬᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ᠎ᠲᠠᠢ ᠬᠠᠮᠲᠤᠷᠠᠨ 《ᠪᠥᠬᠥ ᠠᠷᠠᠳ᠎ᠤᠨ ᠮᠡᠬᠡᠯᠡᠯ᠎ᠢ ᠡᠰᠡᠷᠭᠦᠴᠡᠬᠦ ᠢᠯᠡ ᠬᠢᠴᠢᠶᠡᠯ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠫᠷᠤᠭ᠌ᠷᠠᠮ᠎ᠢ ᠨᠡᠶ᠋ᠢᠲᠡᠯᠡᠵᠦ᠂ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ ᠵᠢ ᠵᠠᠳᠠᠯᠬᠤ᠎ᠪᠠᠷ ᠳᠠᠮᠵᠢᠭᠤᠯᠤᠨ᠂ ᠮᠡᠬᠡᠯᠡᠯ᠎ᠢ ᠡᠰᠡᠷᠭᠦᠴᠡᠬᠦ ᠬᠦᠷᠢᠶᠡᠨ᠎ᠳᠠᠬᠢ ᠬᠠᠮᠢᠶ᠎ᠠ ᠪᠥᠬᠥᠶ ᠮᠡᠳᠡᠯᠭᠡ ᠵᠢ ᠪᠥᠬᠥ ᠲᠠᠯ᠎ᠠ᠎ᠪᠠᠷ ᠲᠦᠭᠡᠮᠡᠯᠵᠢᠭᠦᠯᠵᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢ ᠢᠯᠡᠴᠢᠯᠡᠨ ᠪᠤᠷᠤᠭᠤᠰᠢᠶᠠᠵᠤ᠂ ᠣᠯᠠᠨ ᠲᠦᠮᠡᠨ᠎ᠤ ᠰᠡᠷᠭᠡᠶ᠋ᠢᠯᠡᠬᠦ ᠤᠬᠠᠮᠰᠠᠷ ᠪᠠ ᠮᠡᠬᠡᠯᠡᠯ᠎ᠢ ᠡᠰᠡᠷᠭᠦᠴᠡᠬᠦ ᠴᠢᠳᠠᠪᠤᠷᠢ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃ ᠡᠨᠡ ᠬᠤᠭᠤᠴᠠᠭ᠋ᠠᠨ᠎ᠳᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠲᠣᠪᠴᠢᠶ᠎ᠠ ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ᠎ᠲᠠᠢ ᠬᠠᠮᠲᠤᠷᠠᠨ 《2025 ᠣᠨ᠎ᠤ ᠬᠡᠪᠯᠡᠯ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠭᠠᠷ ᠳᠡᠪᠲᠡᠷ》᠎ᠢ ᠨᠡᠶ᠋ᠢᠲᠡᠯᠡᠨ᠎ᠡ; ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠮᠡᠬᠡᠯᠡᠯ᠎ᠢ ᠡᠰᠡᠷᠭᠦᠴᠡᠬᠦ ᠸᠢᠳᠢᠣ᠋ ᠤᠷᠤᠯᠳᠤᠭ᠋ᠠᠨ᠎ᠢ ᠵᠣᠬᠢᠶᠠᠨ ᠪᠠᠶ᠋ᠢᠭᠤᠯᠵᠤ᠂ ᠠᠮᠠᠷᠬᠠᠨ ᠮᠡᠬᠡᠯᠡᠭᠳᠡᠬᠦ ᠬᠥᠮᠦᠰ᠎ᠲᠤ ᠴᠢᠭᠯᠡᠭᠦᠯᠦᠨ ᠬᠠᠨᠳᠤᠯᠭ᠋ᠠᠲᠤ ᠴᠢᠨᠠᠷᠲᠠᠶ ᠰᠡᠷᠭᠡᠶ᠋ᠢᠯᠡᠯᠲᠡ ᠵᠢᠨ ᠤᠬᠠᠭᠤᠯᠭ᠎ᠠ ᠥᠷᠨᠢᠭᠦᠯᠦᠨ᠎ᠡ; ᠬᠠᠮᠢᠶ᠎ᠠ ᠪᠥᠬᠥᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠡᠵᠡᠩᠨᠡᠭᠴᠢ᠂ ᠢᠨᠲ᠋ᠧᠷ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ ᠵᠢ ᠰᠢᠪᠠᠳᠠᠵᠤ ᠪᠠᠶ᠋ᠢᠭ᠋ᠠᠳ ᠲᠣᠰ ᠠᠵᠢᠯ ᠲᠥᠷᠥᠯ᠎ᠤᠨ ᠠᠵᠢᠯ ᠡᠷᠭᠢᠯᠡᠭᠰᠡᠳ ᠵᠢᠴᠢ ᠦᠢ᠍ᠯᠡᠴᠢᠯᠡᠬᠦ ᠡᠲᠡᠭᠡᠳ᠎ᠲᠤ ᠮᠡᠬᠡᠯᠡᠬᠦ ᠵᠢ ᠡᠰᠡᠷᠭᠦᠴᠡᠬᠦ ᠤᠬᠠᠭᠤᠯᠭ᠎ᠠ ᠵᠢ ᠭᠦᠨᠵᠡᠭᠡᠶ ᠥᠷᠨᠢᠭᠦᠯᠦᠨ᠎ᠡ᠃ ᠡᠭᠦᠨ᠎ᠤ ᠬᠠᠮᠲᠤ᠂ ᠭᠤᠤᠯ ᠪᠣᠯᠬᠤ ᠰᠣᠨᠢᠨ ᠮᠡᠳᠡᠭᠡᠨ᠎ᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠨᠢ ᠮᠡᠬᠡᠯᠡᠯ᠎ᠢ ᠡᠰᠡᠷᠭᠦᠴᠡᠬᠦ ᠰᠢᠷᠢᠰ ᠮᠡᠳᠡᠭᠡᠯᠡᠯ᠎ᠢ ᠦᠷᠭᠦᠯᠵᠢᠯᠡᠨ ᠨᠡᠶ᠋ᠢᠲᠡᠯᠡᠵᠦ᠂ ᠤᠬᠠᠭᠤᠯᠭ᠎ᠠ ᠵᠢᠨ ᠬᠦᠷᠢᠶ᠎ᠡ ᠬᠡᠪᠴᠢᠶ᠎ᠡ᠎ᠪᠠᠨ ᠲᠠᠰᠤᠷᠠᠯᠲᠠ ᠥᠬᠡᠶ ᠥᠷᠭᠡᠳᠬᠡᠨ᠂ ᠤᠬᠠᠭᠤᠯᠭ᠎ᠠ ᠵᠢᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠪᠥᠬᠥ ᠠᠷᠠᠳ ᠵᠶ᠋ᠠᠷ ᠵᠶ᠋ᠠᠨ ᠮᠡᠬᠡᠯᠡᠯ᠎ᠢ ᠡᠰᠡᠷᠭᠦᠴᠡᠬᠦ᠂ ᠪᠥᠬᠥ ᠨᠡᠶ᠋ᠢᠭᠡᠮ ᠵᠶ᠋ᠠᠷ ᠵᠶ᠋ᠠᠨ ᠮᠡᠬᠡᠯᠡᠯ᠎ᠢ ᠡᠰᠡᠷᠭᠦᠴᠡᠬᠦ ᠰᠢᠨ᠎ᠡ ᠥᠷᠨᠢᠯᠲᠡ ᠵᠢ ᠦᠷᠭᠦᠯᠵᠢᠯᠡᠨ ᠭᠠᠷᠭ᠋ᠠᠨ᠎ᠠ᠃
      ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠨᠠᠶ᠋ᠢᠳᠠᠪᠤᠷᠢᠵᠢᠭᠤᠯᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠤᠯᠢ ᠵᠢ ᠬᠢᠨᠠᠮᠠᠭ᠋ᠠᠢ ᠲᠤᠭᠤᠰᠢᠯᠠᠭᠤᠯᠵᠤ᠂ 《ᠳᠥᠷᠪᠡᠨ ᠲᠤᠰᠬᠠᠶ ᠬᠣᠶᠠᠷ ᠨᠡᠶ᠋ᠢᠯᠡᠮᠡᠯ ᠬᠦᠴᠦᠨ》᠎ᠤ ᠰᠡᠳᠬᠢᠬᠦᠢ ᠵᠢ ᠪᠠᠷᠢᠮᠲᠠᠯᠠᠵᠤ᠂ ᠴᠠᠬᠢᠯᠭ᠋ᠠᠨ ᠬᠣᠯᠪᠣᠭ᠎ᠠ ᠰᠦᠯᠵᠢᠶ᠎ᠡ ᠵᠢᠨ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠺᠠᠷᠲ ᠲᠠᠰᠤᠯᠬᠤ》 《ᠤᠷᠤᠰᠬᠠᠯ ᠲᠠᠰᠤᠯᠬᠤ》 《ᠬᠠᠳᠠᠭ᠋ᠠᠰᠤ ᠰᠤᠭᠤᠯᠬᠤ》 《ᠬᠡᠯᠬᠢᠶ᠎ᠡ ᠲᠠᠰᠤᠯᠬᠤ》 ᠵᠡᠷᠭᠡ ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠬᠢᠯᠢ ᠵᠢᠨ ᠭᠠᠳᠠᠨᠠᠬᠢ ᠮᠡᠬᠡᠯᠡᠯ᠎ᠤᠨ ᠪᠦᠯᠦᠭᠯᠡᠯ᠎ᠳᠤ ᠳᠡᠯᠭᠡᠷᠡᠭᠦᠯᠬᠦ ᠠᠩᠬᠠᠷᠤᠯ ᠲᠠᠲᠠᠬᠤ᠂ ᠳᠠᠩᠰᠠ ᠰᠢᠯᠵᠢᠭᠦᠯᠦᠨ ᠵᠣᠭᠣᠰ ᠤᠬᠢᠶᠠᠬᠤ᠂ ᠮᠡᠷᠭᠡᠵᠢᠯ᠎ᠤᠨ ᠨᠡᠭᠡᠭᠡᠯᠲᠡ᠂ ᠬᠤᠯᠠᠭᠤᠨ ᠭᠠᠲᠤᠯᠬᠤ ᠵᠢ ᠵᠣᠬᠢᠶᠠᠨ ᠪᠠᠶ᠋ᠢᠭᠤᠯᠤᠭᠰᠠᠨ ᠵᠡᠷᠭᠡ ᠬᠠᠤᠯᠢ ᠪᠤᠰᠤ ᠦᠢ᠍ᠯᠡᠴᠢᠯᠡᠭᠡ ᠬᠠᠩᠭ᠋ᠠᠭᠰᠠᠨ ᠮᠡᠬᠡᠯᠡᠯ᠎ᠤᠨ ᠬᠠᠷ᠎ᠠ ᠪᠣᠷᠣ ᠠᠵᠤ ᠦᠢ᠍ᠯᠡᠰ᠎ᠲᠤ ᠬᠣᠯᠪᠣᠭᠳᠠᠭᠰᠠᠨ ᠶᠠᠯᠠᠲᠤ ᠪᠦᠯᠬᠦᠮ᠎ᠳᠤ ᠴᠢᠩᠭ᠎ᠠ ᠴᠣᠬᠢᠯᠲᠠ ᠥᠭᠴᠦ᠂ 2024 ᠣᠨ᠎ᠳᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ ᠨᠡᠶ᠋ᠢᠲᠡ 29.4 ᠲᠦᠮᠡ ᠢᠯᠡᠷᠡᠭᠦᠯᠵᠦ᠂ ᠨᠢᠭᠡ ᠪᠦᠯᠦᠭ ᠬᠠᠤᠯᠢ᠎ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠪᠠ᠂ ᠡᠭᠦᠨ᠎ᠳᠤ ᠮᠡᠬᠡᠯᠡᠯ᠎ᠤᠨ ᠪᠦᠯᠦᠭᠯᠡᠯ᠎ᠤᠨ ᠬᠥᠰᠢᠭᠡ ᠵᠢᠨ ᠠᠷᠤ᠎ᠳᠠᠬᠢ 《ᠠᠯᠲᠠᠨ ᠡᠵᠡᠨ》᠂ ᠲᠦᠷᠦᠭᠦᠦ ᠪᠠ ᠭᠤᠤᠯᠯᠠᠭᠴᠢ ᠬᠦᠴᠦᠨ 570 ᠭᠠᠷᠤᠶ ᠪᠣᠶ᠂ ᠮᠡᠬᠡᠯᠡᠭᠴᠢ ᠵᠢᠨ ᠭᠠᠯᠵᠠᠭᠤ ᠣᠮᠣᠭ᠎ᠲᠤ ᠬᠦᠴᠦᠲᠡᠶ ᠴᠣᠬᠢᠯᠲᠠ ᠥᠭᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠢᠭᠲᠠ ᠬᠠᠮᠵᠢᠯᠴᠠᠨ᠂ ᠬᠦᠴᠦ᠎ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠨ᠂ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠎ᠬᠢ ᠠᠯᠳᠠᠰᠢ ᠵᠢ ᠨᠥᠬᠥᠪᠥᠷᠢᠯᠡᠵᠦ᠂ ᠮᠡᠬᠡᠯᠡᠯ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠣᠷᠣᠨ ᠵᠠᠢ ᠵᠢ ᠪᠦᠬᠦ ᠬᠦᠴᠦ᠎ᠪᠠᠷ ᠵᠶ᠋ᠠᠨ ᠰᠢᠬᠠᠵᠤ ᠳᠠᠷᠤᠭᠰᠠᠨ ᠪᠠᠶ᠋ᠢᠨ᠎ᠠ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠴᠠᠬᠢᠯᠭ᠋ᠠᠨ ᠬᠣᠯᠪᠣᠭ᠎ᠠ ᠪᠠ ᠢᠨᠲᠸᠷ ᠰᠦᠯᠵᠢᠶᠡᠨ᠎ᠤ ᠲᠤᠬᠠᠶ᠋ᠢᠯᠠᠭᠰᠠᠨ ᠠᠵᠢᠯ᠎ᠤᠨ ᠵᠠᠰᠠᠯᠲᠠ ᠵᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠠᠵᠤ ᠠᠬᠤᠶ᠋ᠢᠯᠠᠯ᠎ᠤᠨ ᠮᠡᠬᠡᠯᠡᠯ᠎ᠢ ᠡᠰᠡᠷᠭᠦᠴᠡᠬᠦ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ ᠵᠢ ᠳᠥᠯᠭᠢᠨ ᠠᠬᠢᠭᠤᠯᠵᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠣᠯᠠᠨ ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠡᠬᠡᠯᠡᠯ᠎ᠢ ᠡᠰᠡᠷᠭᠦᠴᠡᠬᠦ ᠠᠵᠢᠯ᠎ᠤᠨ ᠰᠢᠨ᠎ᠡ ᠳᠡᠭᠲᠡᠷ᠎ᠲᠤ ᠭᠠᠷᠬᠤ ᠵᠢ ᠳᠥᠯᠭᠢᠨ ᠠᠬᠢᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ 《ᠪᠠᠯᠠ ᠮᠥᠩᠭᠥᠨ᠎ᠤ ᠬᠡᠯᠬᠢᠶ᠎ᠡ》 ᠵᠢᠨ ᠵᠠᠰᠠᠯᠲᠠ ᠵᠢ ᠪᠠᠶ᠋ᠢᠩᠭᠤᠵᠢᠭᠤᠯᠤᠨ ᠠᠬᠢᠭᠤᠯᠵᠤ᠂ ᠰᠠᠯᠠᠭ᠎ᠠ ᠮᠥᠴᠢᠷ ᠬᠣᠯᠪᠣᠭ᠋ᠠᠯᠠᠨ ᠬᠥᠳᠡᠯᠦᠯᠴᠡᠬᠦ᠂ ᠠᠵᠢᠯ ᠲᠥᠷᠥᠯ ᠬᠣᠯᠪᠣᠭ᠋ᠠᠯᠠᠨ ᠰᠡᠷᠭᠡᠶ᠋ᠢᠯᠡᠬᠦ᠂ ᠰᠢᠰᠲ᠋ᠧᠮ ᠬᠣᠯᠪᠣᠭ᠋ᠠᠯᠠᠨ ᠰᠦᠯᠵᠢᠶᠡᠵᠢᠬᠦᠯᠦᠨ ᠵᠠᠰᠠᠬᠤ ᠰᠢᠰᠲ᠋ᠧᠮ᠎ᠢ ᠪᠦᠷᠢᠳᠦᠭᠦᠯᠪᠡ᠃ 2024 ᠣᠨ᠎ᠠᠴᠠ ᠨᠠᠭ᠋ᠠᠰᠢ᠂ ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠣᠷᠢᠭᠯᠠᠬᠤ ᠪᠠ ᠮᠡᠷᠭᠡᠵᠢᠯ᠎ᠤᠨ ᠤᠷᠪᠠᠭᠤ ᠬᠢᠵᠠᠭ᠋ᠠᠷᠯᠠᠬᠤ ᠠᠵᠢᠯ᠎ᠢ ᠪᠦᠬᠦ ᠬᠦᠴᠦ᠎ᠪᠠᠷ ᠵᠶ᠋ᠠᠨ ᠠᠬᠢᠭᠤᠯᠵᠤ᠂ ᠪᠡᠯᠡ ᠮᠥᠩᠭᠥ ᠵᠢ ᠤᠷᠢᠳᠴᠢᠯᠠᠨ ᠰᠡᠷᠡᠮᠵᠢᠯᠡᠭᠦᠯᠬᠦ ᠵᠠᠷᠯᠢᠭ᠎ᠢ ᠨᠡᠢ᠍ᠢ᠍ᠳᠡ 183.8 ᠲᠦᠮᠡᠨ ᠵᠤᠷᠪᠤᠰ ᠪᠠᠭᠤᠯᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠡᠬᠡᠯᠡᠯ᠎ᠤᠨ ᠤᠲᠠᠰᠤ ᠵᠢ 46.9 ᠳ᠋ᠦᠩᠰᠢᠭᠤᠷ ᠤᠳᠠᠭ᠎ᠠ᠂ ᠣᠬᠣᠷ ᠮᠡᠳᠡᠭᠡ ᠵᠢ 33.7 ᠳ᠋ᠦᠩᠰᠢᠭᠤᠷ ᠵᠤᠷᠪᠤᠰ ᠬᠣᠷᠢᠭᠯᠠᠵᠤ᠂ ᠬᠡᠷᠡᠭ᠎ᠲᠤ ᠬᠣᠯᠪᠣᠭᠳᠠᠭᠰᠠᠨ 1181 ᠲᠦᠮᠡᠨ ᠰᠦᠯᠵᠢᠶᠡᠨ᠎ᠤ ᠬᠠᠶᠢᠭ᠎ᠢ ᠰᠢᠢ᠍ᠳᠪᠦᠷᠢᠯᠡᠵᠦ᠂ ᠬᠡᠷᠡᠭ᠎ᠲᠤ ᠬᠣᠯᠪᠣᠭᠳᠠᠭᠰᠠᠨ ᠪᠡᠯᠡ ᠮᠥᠩᠭᠥ ᠵᠢ 3151 ᠳ᠋ᠦᠩᠰᠢᠭᠤᠷ ᠲᠥᠭᠥᠷᠢᠭ ᠪᠠᠴᠢᠮ ᠬᠣᠷᠢᠭᠯᠠᠪᠠ᠃ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠨᠡᠶ᠋ᠢᠲᠡ 477.8 ᠲᠦᠮᠡᠨ ᠬᠥᠮᠦᠨ ᠤᠳᠠᠭ᠎ᠠ ᠢᠳᠬᠠᠨ ᠬᠣᠷᠢᠭᠯᠠᠵᠤ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠪᠦᠬᠦᠯᠢ ᠴᠣᠭᠴᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠠᠷᠠᠳ ᠣᠯᠠᠨ᠎ᠤ ᠡᠳ᠋ ᠬᠥᠷᠥᠩᠭᠡ ᠵᠢᠨ ᠠᠮᠤᠷ ᠲᠦᠪᠰᠢᠨ ᠪᠠ ᠬᠠᠤᠯᠢ ᠶᠣᠰᠣᠨ᠎ᠤ ᠡᠷᠬᠡ ᠠᠰᠢᠭ᠎ᠢ ᠬᠦᠴᠦᠲᠡᠶ ᠬᠠᠮᠠᠭ᠋ᠠᠯᠠᠪᠠ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ