ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
2025 ᠣᠨ᠎ᠳᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠲᠡᠭᠦᠰ ᠠᠮᠵᠢᠯᠲᠠ᠎ᠲᠠᠢ ᠲᠡᠭᠦᠰᠪᠡ
ᠨᠡᠶ᠋ᠢᠲᠡᠯᠡᠭᠰᠡᠨ ᠴᠠᠭ᠄ 2025-06-03

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠠᠬᠢᠭᠤᠯᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯᠲᠠᠨ᠎ᠤ ᠵᠢᠷᠤᠮᠵᠢᠭᠰᠠᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠪᠠᠶ᠋ᠢᠭᠤᠯᠤᠯᠲᠠ ᠵᠢ ᠠᠬᠢᠭᠤᠯᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ᠎ᠤᠨ ᠠᠵᠢᠯ᠎ᠤᠨ ᠴᠢᠳᠠᠪᠤᠷᠢ ᠪᠠ ᠲᠤᠬᠠᠶ᠋ᠢᠯᠠᠭᠰᠠᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 30᠎ᠤ ᠡᠳᠦᠷ᠎ᠤᠳ᠎ᠲᠤ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠭᠢᠯᠡᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ 80 ᠺᠠᠳ᠋ᠷ ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ᠃

微信图片_20250603102952.jpg


      ᠲᠣᠰ ᠤᠳᠠᠭ᠋ᠠᠨ᠎ᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ᠎ᠨᠢ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠲᠤᠰᠬᠠᠶ ᠮᠡᠷᠭᠡᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ》᠎ᠪᠠᠷ ᠭᠤᠤᠯ ᠰᠢᠵᠢᠮ ᠪᠣᠯᠭ᠋ᠠᠵᠤ᠂ ᠬᠢᠴᠢᠶᠡᠯ᠎ᠤᠨ ᠰᠢᠰᠲ᠋ᠧᠮ᠎ᠢ ᠨᠠᠷᠢᠨ ᠨᠢᠮᠪᠠᠶ ᠵᠢᠷᠤᠵᠤ ᠲᠥᠯᠥᠪᠯᠡᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠵᠥᠪᠯᠡᠯ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ ᠨᠢᠭᠡᠴᠢ ᠵᠢᠨ ᠲᠤᠰᠬᠠᠶ ᠮᠡᠷᠭᠡᠵᠢᠯᠲᠡᠨ ᠡᠷᠳᠡᠮᠲᠡᠨ ᠪᠠ ᠠᠵᠢᠯ ᠲᠥᠷᠥᠯ᠎ᠤᠨ ᠭᠤᠤᠯᠯᠠᠭᠴᠢ ᠬᠦᠴᠦᠨ᠎ᠢ ᠲᠤᠰᠬᠠᠶ᠋ᠢᠯᠠᠨ ᠤᠷᠢᠵᠤ ᠬᠢᠴᠢᠶᠡᠯ ᠣᠷᠣᠭᠤᠯᠵᠤ᠂ ᠦᠵᠡᠯ ᠰᠠᠨᠠᠭ᠎ᠠ ᠤᠯᠤᠰ ᠲᠥᠷᠥ᠂ ᠤᠯᠤᠰ ᠲᠥᠷᠥ ᠵᠢᠨ ᠬᠢᠨᠠᠯᠲᠠ ᠲᠠᠯᠪᠢᠬᠤ᠂ ᠰᠦᠪᠡᠭᠴᠢ ᠵᠢ ᠰᠢᠢ᠍ᠳᠪᠦᠷᠢᠯᠡᠬᠦ᠂ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ ᠵᠢ ᠬᠢᠨᠠᠨ ᠪᠠᠶ᠋ᠢᠴᠠᠭ᠋ᠠᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠡᠷᠭᠡ ᠣᠯᠠᠨ ᠲᠠᠯ᠎ᠠ ᠵᠢ ᠬᠠᠮᠤᠷᠴᠤ᠂ ᠲᠥᠷᠥ ᠵᠢᠨ ᠪᠣᠳᠣᠯᠭ᠎ᠠ ᠣᠨᠣᠯ᠎ᠤᠨ ᠦᠨᠳᠦᠷᠴᠡ᠎ᠲᠠᠢ ᠮᠥᠷᠲᠡᠭᠡᠨ ᠦᠢ᠍ᠯᠡᠳᠦᠯᠭᠡ ᠵᠢᠨ ᠵᠢᠯᠣᠭᠣᠳᠬᠤ ᠴᠢᠨᠠᠷᠲᠠᠶ ᠶᠤᠮ᠃ ᠪᠣᠯᠪᠠᠰᠤᠷᠠᠯ᠎ᠤᠨ ᠬᠤᠭᠤᠴᠠᠭ᠋ᠠᠨ᠎ᠳᠤ᠂ ᠣᠨᠣᠯ᠎ᠤᠨ ᠰᠢᠯᠭ᠋ᠠᠯᠲᠠ ᠬᠢᠵᠦ ᠰᠤᠷᠤᠯᠴᠠᠬᠤ ᠦᠷ᠎ᠡ ᠪᠦᠲᠦᠮᠵᠢ ᠵᠢ ᠰᠢᠯᠭ᠋ᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠢ ᠥᠷᠨᠢᠭᠦᠯᠬᠦ᠎ᠪᠠᠷ ᠳᠠᠮᠵᠢᠭᠤᠯᠤᠨ ᠲᠤᠷᠰᠢᠯᠭ᠎ᠠ᠎ᠪᠠᠨ ᠬᠤᠪᠢᠶᠠᠯᠴᠠᠬᠤ ᠵᠢ ᠠᠬᠢᠭᠤᠯᠵᠤ᠂ ᠰᠤᠷᠤᠭᠴᠢᠳ᠎ᠤᠨ ᠲᠥᠯᠥᠭᠡᠯᠡᠭᠴᠢᠳ᠎ᠢ ᠤᠷᠢᠵᠤ ᠰᠤᠷᠤᠯᠴᠠᠭᠰᠠᠨ ᠲᠥᠷᠥᠭᠳᠡᠯ ᠵᠶ᠋ᠠᠨ ᠬᠤᠪᠢᠶᠠᠯᠴᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠵᠢ ᠨᠡᠮᠡᠭᠳᠡᠭᠦᠯᠬᠦ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠳᠠᠮᠵᠢᠭᠤᠯᠤᠨ᠂ ᠪᠣᠯᠪᠠᠰᠤᠷᠠᠯ᠎ᠤᠨ ᠠᠭᠤᠯᠭ᠎ᠠ᠎ᠨᠢ ᠪᠦᠷᠢᠨ ᠲᠡᠭᠦᠯᠳᠡᠷ᠂ ᠬᠡᠯᠪᠡᠷᠢ᠎ᠨᠢ ᠣᠯᠠᠨ ᠶᠠᠩᠵᠤ ᠵᠢᠨ ᠪᠠᠶ᠋ᠢᠬᠤ ᠵᠢ ᠦᠨᠡᠨ ᠬᠦ᠌ ᠪᠠᠲᠤᠯᠠᠪᠠ᠃ ᠡᠳᠡᠭᠡᠷ ᠠᠯᠢ ᠤᠯᠠᠨ ᠠᠷᠭ᠎ᠠ ᠬᠡᠮᠵᠢᠶ᠎ᠡ᠎ᠨᠢ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ᠎ᠤᠨ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠵᠢ ᠬᠡᠷᠡᠭᠵᠢᠭᠦᠯᠬᠦ ᠪᠣᠳᠠᠲᠤ ᠶᠠᠪᠤᠳᠠᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃

微信图片_20250603103035.jpg


      ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠰᠤᠷᠤᠭᠴᠢᠳ᠂ ᠲᠣᠰ ᠤᠳᠠᠭ᠋ᠠᠨ᠎ᠤ ᠲᠤᠰᠬᠠᠶ ᠰᠡᠳᠦᠪᠲᠦ ᠪᠣᠯᠪᠠᠰᠤᠷᠠᠯ ᠵᠶ᠋ᠠᠷ ᠰᠢᠨ᠎ᠡ ᠡᠬᠢᠯᠡᠯᠲᠡ ᠪᠣᠯᠭ᠋ᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠵᠢ ᠪᠠᠷᠢᠮᠲᠠᠯᠠᠨ᠂ 《ᠭᠤᠷᠪᠠᠨᠵᠢᠭᠤᠯᠬᠤ》 ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠲᠠᠢ ᠭᠦᠨᠵᠡᠭᠡᠶ ᠠᠭᠤᠰᠤᠯᠴᠠᠭᠤᠯᠵᠤ᠂ ᠨᠠᠩ ᠥᠨᠳᠥᠷ ᠵᠣᠭᠰᠣᠴᠠ᠎ᠠᠴᠠ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠦᠨ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠴᠠᠭ᠋ᠠᠷᠠᠭᠰᠠᠨ ᠡᠷᠳᠡᠮ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ᠂ ᠨᠠᠩ ᠴᠢᠩᠭ᠎ᠠ ᠪᠠᠷᠢᠮᠵᠢᠶ᠎ᠠ᠎ᠪᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠭᠦᠨᠵᠡᠭᠡᠶ᠋ᠢᠷᠡᠭᠦᠯᠦᠨ᠎ᠡ᠃ ᠠᠵᠢᠯ᠎ᠤᠨ ᠳᠤᠮᠳᠠ᠎ᠪᠠᠨ ᠦᠵᠡᠯ ᠰᠠᠨᠠᠭ᠋ᠠᠨ᠎ᠤ ᠳᠠᠪᠲᠠᠨ ᠪᠣᠯᠪᠠᠰᠤᠷᠠᠭᠤᠯᠤᠯᠲᠠ᠂ ᠦᠢ᠍ᠯᠡᠳᠦᠯᠭᠡ ᠵᠢᠨ ᠳᠠᠪᠲᠠᠨ ᠪᠣᠯᠪᠠᠰᠤᠷᠠᠭᠤᠯᠤᠯᠲᠠ᠂ ᠲᠤᠰᠬᠠᠶ ᠮᠡᠷᠭᠡᠵᠢᠯ᠎ᠤᠨ ᠪᠣᠯᠪᠠᠰᠤᠷᠠᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠵᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠡᠷᠡᠰ ᠲᠡᠮᠡᠴᠡᠯ ᠬᠢᠵᠦ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠰᠤᠷᠲᠠᠯ ᠴᠢᠬᠡᠴᠢ ᠣᠪᠣᠷ ᠲᠥᠪ ᠪᠠᠶ᠋ᠢᠬᠤ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠎ᠠ ᠭᠡᠵᠦ ᠢᠯᠡᠷᠬᠡᠢ᠌ᠯᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢᠨ ᠬᠠᠮᠠᠭ᠋ᠠᠯᠠᠬᠤ ᠲᠢᠩᠬᠢᠮ