ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
2025 ᠣᠨ᠎ᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠪᠥᠬᠥᠳᠡ ᠬᠤᠷᠠᠯ ᠵᠢᠴᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-03

      ᠣᠶ᠋ᠢᠷ᠎ᠠ᠎ᠳᠤ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ  ᠠᠶᠤᠯ ᠦᠭᠡᠢ ᠵᠢᠨ ᠵᠥᠪᠯᠡᠯ᠎ᠤᠨ ᠪᠥᠬᠥᠳᠡ ᠬᠤᠷᠠᠯ ᠵᠢᠴᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠡᠷᠬᠢᠯᠡᠭᠴᠢ ᠵᠧᠩ ᠭᠤᠸᠠᠩ ᠵᠣᠣ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠳᠡᠳ᠋ ᠡᠷᠬᠢᠯᠡᠭᠴᠢ ᠸᠠᠩ ᠶᠠ ᠰᠢᠨ ᠬᠤᠷᠠᠯ᠎ᠢ ᠡᠷᠭᠢᠯᠡᠪᠡ᠃

道交委.jpg


      ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠡᠯ᠎ᠡ ᠪᠦᠷᠢᠯᠳᠦᠬᠦᠨ ᠨᠢᠭᠡᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 《ᠶᠡᠬᠡ ᠠᠮᠤᠷ ᠲᠦᠪᠰᠢᠨ》᠎ᠤ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠵᠠᠮ ᠬᠠᠷᠢᠯᠴᠠᠭ᠋ᠠᠨ᠎ᠤ ᠶᠡᠷᠦᠩᠬᠡᠶ᠋ᠢᠯᠡᠭᠰᠡᠨ ᠵᠠᠰᠠᠯᠲᠠ᠂ ᠡᠬᠢ ᠡᠭᠦᠰᠦᠯ᠎ᠤᠨ ᠵᠠᠰᠠᠯᠲᠠ᠂ ᠲᠤᠰᠬᠠᠢ ᠲᠦᠷᠦᠯ᠎ᠤᠨ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠴᠤᠬᠢᠯᠲᠠ ᠦᠭᠬᠦ᠂ ᠰᠡᠷᠭᠡᠶ᠋ᠢᠯᠡᠬᠦ᠂ ᠬᠠᠮᠢᠶᠠᠷᠬᠤ᠂ ᠵᠠᠰᠠᠬᠤ᠂ ᠤᠬᠠᠭᠤᠯᠬᠤ》 ᠡᠯ᠎ᠡ ᠵᠦᠢ᠍ᠯ᠎ᠤᠨ ᠠᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠵᠤ᠂ ᠪᠦᠬᠦ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠪᠠᠶ᠋ᠢᠳᠠᠯ᠎ᠤᠨ ᠲᠣᠭᠲᠠᠭᠤᠨ ᠪᠠᠶ᠋ᠢᠳᠠᠯ᠎ᠢ ᠬᠦᠴᠦᠲᠡᠢ ᠬᠠᠮᠠᠭ᠋ᠠᠯᠠᠪᠠ᠃ 2025 ᠣᠨ ᠪᠣᠯ ᠠᠶᠤᠯ ᠦᠭᠡᠢ ᠵᠢᠨ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠬᠦ ᠵᠠᠩᠭᠢᠯᠠᠭ᠎ᠠ ᠵᠢᠨ ᠵᠢᠯ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠢᠮᠠᠭᠲᠠ ᠪᠠᠷᠢᠮᠲᠠᠯᠠᠵᠤ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠠᠮᠤᠷ ᠲᠦᠪᠰᠢᠨ᠎ᠤ ᠰᠢᠨ᠎ᠡ ᠪᠠᠶ᠋ᠢᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠲᠤᠯᠠᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ 《ᠡᠨᠳᠡᠯ᠎ᠢ ᠰᠡᠷᠭᠡᠶ᠋ᠢᠯᠡᠵᠦ ᠡᠵᠡᠮᠳᠡᠵᠦ ᠪᠣᠯᠬᠤ》 ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠡᠨᠳᠡᠯ᠎ᠤᠨ ᠪᠠᠶ᠋ᠢᠳᠠᠯ᠎ᠢ ᠵᠠᠳᠠᠯᠬᠤ ᠵᠢ ᠴᠢᠬᠤᠯᠠᠴᠢᠯᠠᠵᠤ᠂ ᠣᠷᠴᠢᠨ ᠲᠣᠭᠣᠷᠢᠨ᠎ᠤ ᠬᠤᠪᠢᠷᠠᠯᠲᠠ ᠵᠢᠨ ᠣᠨᠴᠠᠯᠢᠭ᠎ᠢ ᠡᠵᠡᠮᠳᠡᠵᠦ᠂ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠰᠢᠰᠲ᠋ᠧᠮ᠎ᠤᠨ ᠵᠠᠰᠠᠯᠲᠠ ᠵᠢ ᠴᠢᠩᠭ᠋ᠠᠳᠬᠠᠬᠤ ᠬᠡᠷᠡᠭᠲᠡᠢ᠃ ᠡᠬᠢ ᠡᠭᠦᠰᠦᠯ᠎ᠤᠨ ᠡᠮᠦᠨᠡᠬᠢ ᠬᠢᠨᠠᠨ ᠬᠠᠮᠢᠶᠠᠷᠤᠯᠲᠠ ᠵᠢ ᠨᠠᠷᠢᠯᠢᠭ ᠠᠳᠬᠤᠵᠤ᠂ ᠭᠤᠤᠯᠳᠠᠯᠭ᠎ᠠ᠎ᠲᠠᠢ ᠲᠡᠷᠭᠡ ᠬᠥᠰᠬᠡ ᠵᠢᠨ ᠳᠠᠯᠳᠠ ᠬᠡᠮ᠎ᠢ ᠠᠷᠢᠯᠭ᠋ᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ 《ᠭᠤᠷᠪᠠ ᠵᠢ ᠬᠠᠮᠢᠶᠠᠷᠬᠤ ᠭᠤᠷᠪᠠ ᠵᠢ ᠡᠷᠬᠡᠪᠰᠢ ᠭᠦᠢ᠍ᠴᠡᠳᠬᠡᠬᠦ》 ᠬᠠᠷᠢᠭᠤᠴᠠᠯᠭ᠎ᠠ ᠵᠢ ᠰᠢᠪᠠᠳᠠᠨ ᠨᠠᠶ᠋ᠢᠳᠠᠪᠤᠷᠢᠵᠢᠭᠤᠯᠵᠤ᠂ ᠳᠠᠯᠳᠠ ᠬᠡᠮ᠎ᠲᠠᠢ ᠵᠠᠮ᠎ᠤᠨ ᠬᠡᠰᠡᠭ᠎ᠲᠤ ᠨᠠᠷᠢᠨ ᠲᠠᠩᠰᠠᠴᠢᠯᠠᠭᠰᠠᠨ᠂ ᠲᠥᠷᠥᠯ ᠵᠦᠢ᠍ᠯᠵᠢᠭᠦᠯᠦᠭᠰᠡᠨ ᠴᠡᠭᠴᠡᠯᠡᠨ ᠵᠠᠰᠠᠯᠲᠠ ᠵᠢ ᠥᠷᠨᠢᠭᠦᠯᠬᠦ ᠬᠡᠷᠡᠭᠲᠡᠶ; ᠵᠠᠮ᠎ᠤᠨ ᠭᠠᠳᠠᠷᠭᠤ ᠵᠢᠨ ᠬᠠᠮᠢᠶᠠᠷᠤᠯᠲᠠ ᠡᠵᠡᠮᠳᠡᠯ᠎ᠢ ᠴᠢᠩᠭ᠎ᠠ ᠠᠳᠬᠤᠵᠤ᠂ ᠬᠣᠲᠠ᠂ ᠤᠯᠤᠰ ᠮᠤᠵᠢ ᠵᠢᠨ ᠭᠤᠤᠯ ᠵᠠᠮ᠂ ᠮᠠᠯᠵᠢᠬᠤ ᠲᠠᠷᠢᠶᠠᠯᠠᠬᠤ ᠣᠷᠣᠨ

《ᠭᠤᠷᠪᠠᠨ ᠭᠤᠤᠯ ᠲᠡᠶ᠋ᠢᠨ᠎ᠤ ᠲᠠᠯᠠᠪᠤᠷ》᠎ᠢ ᠴᠢᠩᠭ᠎ᠠ ᠠᠩᠬᠠᠷᠴᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠵᠢ ᠶᠡᠬᠡ᠎ᠪᠠᠷ ᠥᠷᠨᠢᠭᠦᠯᠬᠦ ᠬᠡᠷᠡᠭᠲᠡᠢ; ᠨᠠᠷᠢᠯᠢᠭ ᠤᠨᠤᠴᠠᠲᠠᠢ ᠤᠬᠠᠭᠤᠯᠭ᠎ᠠ ᠵᠢ ᠪᠣᠳᠠᠲᠠᠶ ᠠᠳᠬᠤᠵᠤ᠂ ᠪᠣᠯᠪᠠᠰᠤᠨ ᠵᠠᠮ ᠬᠠᠷᠢᠯᠴᠠᠭ᠎ᠠ ᠵᠢᠨ ᠤᠬᠠᠭᠤᠯᠭ᠎ᠠ

《ᠵᠢᠯᠣᠭᠣᠴᠢ ᠵᠢᠨ ᠰᠤᠷᠭ᠋ᠠᠭᠤᠯᠢ᠎ᠳᠤ ᠣᠷᠣᠬᠤ》 《ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ》 《ᠬᠥᠳᠡᠭᠡ ᠲᠣᠰᠬᠣᠨ᠎ᠳᠤ ᠣᠷᠣᠬᠤ》 ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠡᠲᠡᠭᠡᠳ᠎ᠨᠢ ᠲᠤᠶ᠋ᠢᠯ᠎ᠤᠨ ᠣᠨᠣᠪᠴᠢᠲᠠᠶ᠂ ᠠᠭᠤᠯᠭ᠎ᠠ᠎ᠨᠢ ᠲᠤᠶ᠋ᠢᠯ᠎ᠤᠨ ᠣᠨᠣᠪᠴᠢᠲᠠᠶ᠂ ᠵᠠᠮ ᠮᠥᠷ᠎ᠨᠢ ᠲᠤᠶ᠋ᠢᠯ᠎ᠤᠨ ᠣᠨᠣᠪᠴᠢᠲᠠᠶ᠂ ᠠᠷᠭ᠎ᠠ ᠬᠡᠮᠵᠢᠶ᠎ᠡ᠎ᠨᠢ ᠲᠤᠶ᠋ᠢᠯ᠎ᠤᠨ ᠣᠨᠣᠪᠴᠢᠲᠠᠶ᠂ ᠦᠨᠡᠯᠡᠨ ᠵᠢᠱ᠌ᠢᠬᠦ᠎ᠨᠢ ᠲᠤᠶ᠋ᠢᠯ᠎ᠤᠨ ᠣᠨᠣᠪᠴᠢᠲᠠᠶ》 ᠵᠠᠮ ᠬᠠᠷᠢᠯᠴᠠᠭ᠎ᠠ ᠵᠢᠨ ᠠᠮᠤᠷ ᠲᠦᠪᠰᠢᠨ᠎ᠤ ᠲᠤᠶ᠋ᠢᠯ᠎ᠤᠨ ᠣᠨᠣᠪᠴᠢᠲᠠᠶ ᠤᠬᠠᠭᠤᠯᠭ᠎ᠠ ᠬᠥᠮᠦᠵᠢᠯ᠎ᠤᠨ ᠰᠢᠰᠲ᠋ᠧᠮᠵᠢ ᠵᠢ ᠢᠳᠡᠪᠬᠢᠲᠡᠶ ᠪᠠᠶ᠋ᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠣᠲᠠ ᠵᠢᠨ ᠵᠠᠮ ᠬᠠᠷᠢᠯᠴᠠᠭ᠋ᠠᠨ᠎ᠤ ᠨᠠᠷᠢᠯᠢᠬ᠍ᠵᠢᠭᠤᠯᠤᠭᠰᠠᠨ ᠵᠠᠰᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ᠂ ᠤᠳᠠᠭ᠋ᠠᠨ ᠠᠶᠠᠯᠠᠬᠤ ᠵᠠᠮ ᠬᠠᠷᠢᠯᠴᠠᠭ᠎ᠠ᠂ ᠪᠣᠬᠢᠷᠲᠤᠯ ᠥᠬᠡᠶ ᠵᠠᠮ ᠬᠠᠷᠢᠯᠴᠠᠭ᠎ᠠ ᠵᠢ ᠤᠷᠢᠳ ᠵᠶ᠋ᠠᠷ ᠬᠥᠭᠵᠢᠭᠦᠯᠬᠦ ᠵᠢ ᠢᠳᠡᠪᠬᠢᠲᠡᠶ ᠠᠬᠢᠭᠤᠯᠵᠤ᠂ ᠲᠦᠭᠵᠢᠷᠡᠯ᠎ᠤᠨ ᠵᠠᠮ᠎ᠤᠨ ᠬᠡᠰᠡᠭ᠎ᠤᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠬᠣᠲᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 《ᠰᠠᠭ᠋ᠠᠳ ᠥᠬᠡᠶ ᠡᠮᠬᠢ ᠵᠢᠷᠤᠮ᠎ᠲᠠᠢ ᠨᠡᠪᠲᠡᠷᠡᠬᠦ》 ᠶᠠᠪᠤᠵᠤ ᠰᠠᠭᠤᠬᠤ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭ᠋ᠠᠬᠤ ᠬᠡᠷᠡᠭᠲᠡᠶ᠃ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ᠎ᠳᠤ ᠭᠦᠨᠵᠡᠭᠡᠶ ᠠᠭᠤᠰᠤᠯᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠡᠷᠭᠢᠯᠲᠡ ᠵᠢ ᠬᠣᠷᠢᠭ᠎ᠠ ᠦᠭᠡᠢ ᠪᠠᠢ᠌ᠯᠭ᠋ᠠᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠂ 《ᠬᠠᠩᠭ᠋ᠠᠯᠭ᠎ᠠ ᠵᠢᠨ ᠬᠡᠯᠬᠢᠶ᠎ᠡ》 ᠵᠢᠨ ᠲᠣᠭᠲᠠᠭᠤᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠵᠤ᠂ ᠨᠠᠩ ᠣᠯᠠᠨ 《ᠠᠷᠠᠳ᠎ᠲᠤ ᠠᠰᠢᠭ ᠬᠦᠷᠲᠡᠭᠡᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ》 ᠦᠢ᠍ᠯᠡᠴᠢᠯᠡᠭᠡᠨ᠎ᠤ ᠰᠢᠨ᠎ᠡ ᠠᠷᠭ᠎ᠠ ᠬᠡᠮᠵᠢᠶ᠎ᠡ ᠵᠢ ᠦᠷᠭᠦᠯᠵᠢᠯᠡᠨ ᠭᠠᠷᠭ᠋ᠠᠵᠤ᠂ 《ᠠᠵᠤ ᠠᠬᠤᠶ᠋ᠢᠯᠠᠯ᠎ᠢ ᠲᠤᠰᠠᠯᠠᠵᠤ ᠠᠵᠤ ᠦᠢ᠍ᠯᠡᠰ᠎ᠢ ᠬᠥᠭᠵᠢᠭᠦᠯᠬᠦ》 ᠡᠵᠡᠩᠨᠡᠯᠲᠡ ᠵᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠵᠢ ᠵᠢᠷᠤᠮᠵᠢᠭᠤᠯᠬᠤ᠎ᠪᠠᠷ ᠵᠢᠯᠣᠭᠣᠳᠤᠮᠵᠢ ᠪᠣᠯᠭ᠋ᠠᠵᠤ᠂ ᠠᠵᠤ ᠠᠬᠤᠶ᠋ᠢᠯᠠᠯ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠲᠤᠪᠤᠢ᠍ᠢ᠍ᠮ᠎ᠠ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠰᠠᠶ᠋ᠢᠵᠢᠷᠠᠭᠤᠯᠬᠤ ᠵᠢ ᠴᠢᠬᠤᠯᠠᠴᠢᠯᠠᠨ᠂ ᠬᠠᠤᠯᠢ ᠬᠡᠷᠡᠭᠵᠢᠭᠦᠯᠬᠦ ᠦᠭᠡ ᠶᠠᠷᠢᠶ᠎ᠠ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠤᠯᠤᠰ ᠲᠦᠷᠦ ᠵᠢᠨ ᠦᠷ᠎ᠡ ᠪᠦᠲᠦᠮᠵᠢ᠂ ᠬᠠᠤᠯᠢ ᠴᠠᠭ᠋ᠠᠵᠠ ᠵᠢᠨ ᠦᠷ᠎ᠡ ᠪᠦᠲᠦᠮᠵᠢ᠂ ᠨᠡᠶ᠋ᠢᠭᠡᠮ᠎ᠤᠨ ᠦᠷ᠎ᠡ ᠪᠦᠲᠦᠮᠵᠢ ᠵᠢᠨ ᠣᠷᠭ᠋ᠠᠨᠢᠭ ᠨᠢᠭᠡᠳᠦᠯ᠎ᠢ ᠴᠢᠷᠮᠠᠶ᠋ᠢᠨ ᠪᠡᠶᠡᠯᠡᠭᠦᠯᠵᠦ᠂ 《ᠵᠢᠷᠤᠮᠵᠢᠭᠤᠨ ᠪᠥᠭᠡᠳ ᠲᠥᠪ ᠭᠣᠣᠯᠴᠢ》 ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ᠂ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠬᠠᠮᠢᠶᠠᠷᠤᠯᠲᠠ ᠵᠢᠨ ᠠᠵᠢᠯ ᠪᠣᠯ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠨᠢᠭᠡ ᠬᠥᠯᠭᠡ ᠰᠢᠳᠠᠷ᠎ᠠ》 ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠬᠠᠷᠢᠭᠤᠴᠠᠯᠭ᠎ᠠ᠎ᠪᠠᠨ ᠮᠡᠳᠡᠵᠤ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠬᠠᠷᠢᠭᠤᠴᠠᠯᠭ᠎ᠠ᠎ᠪᠠᠨ ᠰᠠᠬᠢᠵᠤ ᠬᠠᠷᠢᠭᠤᠴᠠᠯᠭ᠎ᠠ ᠡᠭᠦᠷᠭᠡᠯᠡᠵᠦ᠂ 《ᠴᠠᠭ ᠢᠮᠠᠭᠲᠠ ᠰᠡᠳᠬᠢᠯ ᠠᠮᠤᠷ ᠦᠭᠡᠢ》 ᠬᠠᠷᠢᠭᠤᠴᠠᠯᠭ᠋ᠠᠲᠤ ᠰᠡᠳᠬᠢᠯᠭᠡ ᠵᠢ ᠦᠨᠡᠨ ᠬᠦ᠌ 《ᠶᠠᠪᠤᠳᠠᠯ ᠪᠦᠬᠦᠨ᠎ᠳᠤ ᠳᠣᠲᠣᠷ᠎ᠠ᠎ᠪᠠᠨ ᠲᠣᠭ᠎ᠠ᠎ᠲᠠᠢ ᠪᠠᠶ᠋ᠢᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠳᠣᠲᠣᠭ᠋ᠠᠳᠤ ᠭᠠᠳᠠᠭ᠋ᠠᠳᠤ ᠬᠣᠯᠪᠣᠭ᠋ᠠᠯᠠᠨ ᠬᠥᠳᠡᠯᠦᠯᠴᠡᠬᠦ᠂ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠵᠤ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠵᠠᠰᠠᠯᠲᠠ ᠵᠢᠨ ᠪᠠᠶ᠋ᠢᠷᠢᠰᠢᠯ᠎ᠢ ᠦᠨᠡᠨ ᠬᠦ᠌ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠨᠢ ᠸᠢᠳᠢᠤ᠋ ᠬᠡᠯᠪᠡᠷᠢ᠎ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠠᠶᠤᠯ ᠦᠭᠡᠢ ᠵᠢᠨ ᠵᠥᠪᠯᠡᠯ᠎ᠤᠨ ᠡᠯ᠎ᠡ ᠪᠦᠷᠢᠯᠳᠦᠬᠦᠨ ᠨᠢᠭᠡᠴᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ 12 ᠠᠶ᠋ᠢᠮᠠᠭ ᠬᠣᠲᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠤᠪᠢᠶᠠᠷᠢ ᠬᠤᠷᠠᠯ᠎ᠤᠨ ᠲᠠᠯᠠᠪᠠᠶ᠎ᠳᠤ ᠣᠷᠣᠯᠴᠠᠵᠠᠶ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ