ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠵᠧᠩ ᠭᠤᠸᠠᠩ ᠵᠣᠣ ᠶᠡᠭᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-06-07

     ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠣ ᠬᠥᠬᠡᠬᠤᠲᠠ ᠵᠢᠨ ᠬᠡᠰᠡᠭ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠴᠡᠭ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠳᠤ ᠭᠦᠨᠵᠡᠭᠡᠶ᠋ᠢᠷᠡᠵᠦ᠂ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠰᠤᠳᠤᠯᠪᠠ᠃

HB_17970.JPG


微信图片_20250606170829.jpg


     ᠵᠧᠩ ᠭᠤᠸᠠᠩ ᠵᠤᠤ ᠤᠷᠢᠳ ᠬᠤᠵᠢᠳ ᠬᠥᠬᠡᠬᠤᠲᠠ ᠵᠢᠨ ᠠᠷᠪᠠ ᠶᠢᠰᠦᠳᠦᠭᠡᠷ ᠳᠤᠮᠳᠠᠳᠤ ᠰᠤᠷᠭ᠋ᠠᠭᠤᠯᠢ᠂ ᠬᠤᠷᠢ ᠶᠢᠰᠦᠳᠦᠭᠡᠷ ᠳᠤᠮᠳᠠᠳᠤ ᠰᠤᠷᠭ᠋ᠠᠭᠤᠯᠢ ᠵᠡᠷᠭᠡ ᠰᠢᠯᠭ᠋ᠠᠯᠲᠠ ᠵᠢᠨ ᠴᠡᠭ᠎ᠲᠤ ᠬᠦᠷᠴᠦ᠂ ᠴᠠᠭᠳᠠᠭ᠋ᠠᠨ᠎ᠤ ᠬᠦᠴᠦᠨ᠎ᠤ ᠪᠠᠶ᠋ᠢᠷᠢᠯᠠᠭᠤᠯᠤᠯᠲᠠ᠂ ᠡᠮᠬᠢ ᠳᠢᠭᠯᠢᠮ᠎ᠤᠨ ᠬᠠᠮᠠᠭ᠋ᠠᠯᠠᠯᠲᠠ᠂ ᠪᠣᠳᠠᠰ ᠪᠠ ᠮᠡᠷᠭᠡᠵᠢᠯ᠎ᠤᠨ ᠰᠡᠷᠭᠡᠶ᠋ᠢᠯᠡᠯᠲᠡ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ ᠡᠯ᠎ᠡ ᠵᠦᠢ᠍ᠯ᠎ᠤᠨ ᠠᠮᠤᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠪᠡᠯᠡᠳᠬᠡᠯ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠣᠭᠤᠳᠪᠠ᠃ ᠵᠧᠩ ᠭᠤᠸᠠᠩ ᠵᠣᠣ᠂ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠎ᠨᠢ ᠲᠦᠭ ᠲᠦᠮᠡᠨ ᠠᠶ᠋ᠢᠯ ᠡᠷᠦᠬᠡ ᠵᠢᠨ ᠲᠣᠰ ᠪᠡᠶ᠎ᠡ ᠵᠢᠨ ᠠᠰᠢᠭ ᠲᠤᠰᠠ ᠪᠠ ᠥᠷᠭᠡᠨ ᠣᠯᠠᠨ ᠰᠤᠷᠤᠭᠴᠢᠳ᠎ᠤᠨ ᠢᠷᠡᠭᠡᠳᠦᠶ ᠵᠢᠨ ᠬᠤᠪᠢ ᠵᠠᠶᠠᠭ᠎ᠠ᠎ᠲᠠᠢ ᠬᠤᠯᠪᠣᠭᠳᠠᠵᠤ᠂ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠵᠢᠨ ᠬᠠᠷᠢᠭᠤᠴᠠᠯᠭ᠎ᠠ ᠬᠦᠨᠳᠦ ᠶᠡᠭᠡ ᠶᠤᠮ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠬᠠᠮᠢᠶ᠎ᠠ ᠪᠥᠬᠦᠶ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠰᠢᠯᠢᠳᠡᠭ ᠦᠢ᠍ᠯᠡᠴᠢᠯᠡᠭᠡ ᠵᠢ ᠪᠠᠷᠢᠮᠲᠠᠯᠠᠵᠤ᠂ 《ᠨᠢᠭᠡ ᠴᠡᠭ᠎ᠲᠤ ᠨᠢᠭᠡ ᠠᠷᠭ᠎ᠠ ᠪᠣᠳᠣᠯᠭ᠎ᠠ ᠠᠪᠬᠤ》 ᠵᠠᠷᠴᠢᠮ ᠶᠣᠰᠣᠭ᠋ᠠᠷ᠂ ᠠᠮᠤᠷ ᠲᠦᠪᠰᠢᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠪᠡᠯᠡᠳᠬᠡᠯ᠎ᠢ ᠴᠢᠩᠭ᠋ᠠᠳᠬᠠᠵᠤ᠂ ᠰᠢᠯᠭ᠋ᠠᠯᠲᠠ ᠵᠢᠨ ᠴᠡᠭ ᠵᠢᠴᠢ ᠡᠷᠬᠢᠨ ᠲᠣᠭᠤᠷᠢᠨ᠎ᠤ ᠠᠮᠤᠷ ᠲᠦᠪᠰᠢᠨ᠎ᠤ ᠬᠡᠮ ᠰᠣᠭᠤᠭ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠵᠤ᠂ ᠰᠢᠯᠭ᠋ᠠᠯᠲᠠ᠎ᠠᠴᠠ ᠡᠮᠦᠨᠡᠬᠢ᠂ ᠰᠢᠯᠭ᠋ᠠᠯᠲᠠ ᠵᠢᠨ ᠳᠤᠮᠳᠠ᠂ ᠰᠢᠯᠭ᠋ᠠᠯᠲᠠ ᠵᠢᠨ ᠳᠠᠷᠠᠭ᠋ᠠᠬᠢ ᠪᠥᠬᠦ ᠶᠠᠪᠤᠴᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠥᠷᠭᠡᠨ ᠣᠯᠠᠨ ᠰᠢᠯᠭ᠋ᠠᠭᠤᠯᠤᠭᠴᠢ᠎ᠳᠤ ᠠᠮᠤᠷ ᠲᠦᠪᠰᠢᠨ᠂ ᠨᠠᠮ ᠲᠣᠭᠲᠠᠭᠤᠨ᠂ ᠰᠠᠨᠠᠭ᠎ᠠ ᠠᠮᠤᠷ ᠰᠢᠯᠭ᠋ᠠᠯᠲᠠ ᠵᠢᠨ ᠣᠷᠴᠢᠨ ᠲᠣᠭᠤᠷᠢᠨ᠎ᠢ ᠦᠨᠡᠨ ᠬᠦ᠌ ᠪᠣᠶ ᠪᠣᠯᠭ᠋ᠠᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃

 

ᠢᠷᠡᠯᠲᠡ᠄ ᠥᠪᠡᠷᠳᠡᠭᠡᠨ ᠵᠠᠰᠠᠬᠤ ᠣᠷᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠢᠩᠬᠢᠮ