7 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠭᠰᠡᠨ 《2025 ᠣᠨ᠎ᠤ ᠪᠥᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠨ ᠠᠵᠢᠯᠯᠠᠭ᠎ᠠ ᠵᠢᠨ ᠰᠢᠢ᠍ᠳᠪᠦᠷᠢᠲᠦ ᠤᠷᠤᠯᠳᠤᠭ᠋ᠠᠨ》 ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠡᠮᠵᠢᠨ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢᠨ ᠤᠯᠤᠰ ᠲᠥᠷᠥ ᠵᠢᠨ ᠣᠨᠣᠯ᠎ᠤᠨ ᠵᠢᠭ᠋ᠠᠨ ᠰᠤᠷᠭ᠋ᠠᠯᠲᠠ ᠵᠢᠨ ᠬᠡᠯᠲᠡᠰ᠎ᠠᠴᠠ ᠰᠣᠩᠭᠤᠨ ᠲᠣᠮᠢᠯᠠᠭᠰᠠᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠯᠢᠦ ᠰᠢᠶᠤᠤ ᠾᠧ᠂ ᠬᠠᠨ ᠰᠢᠶᠤᠤ ᠹᠦ᠋ ᠯᠠᠪᠳᠠᠭᠤᠨ ᠪᠠᠲᠤᠲᠠᠶ ᠣᠨᠣᠯ᠎ᠤᠨ ᠰᠠᠭᠤᠷᠢ ᠪᠠ ᠨᠠᠷᠢᠯᠢᠭ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ ᠵᠶ᠋ᠠᠷ ᠲᠤᠰ ᠲᠤᠰ᠎ᠲᠤ᠎ᠪᠠᠨ ᠬᠤᠶᠠᠳᠤᠭ᠋ᠠᠷ ᠳᠡᠰ᠎ᠤᠨ ᠱᠠᠩᠨᠠᠯ ᠭᠥᠷᠳᠡᠪᠡ᠃ ᠲᠣᠰ ᠤᠳᠠᠭ᠋ᠠᠨ᠎ᠤ ᠰᠢᠯᠢᠳᠡᠭ ᠠᠮᠵᠢᠯᠲᠠ ᠣᠯᠣᠭᠰᠠᠨ᠎ᠨᠢ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠡᠷᠭᠡ ᠲᠠᠯ᠎ᠠ᠎ᠪᠠᠷ ᠣᠯᠤᠭᠰᠠᠨ ᠦᠷ᠎ᠡ ᠪᠦᠲᠦᠮᠵᠢ ᠵᠢ ᠢᠯᠡᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠨᠠᠷ᠎ᠤᠨ ᠳᠤᠮᠳᠠ ᠮᠠᠰᠢ ᠰᠠᠶ᠋ᠢᠨ ᠵᠢᠱ᠌ᠢᠶ᠎ᠡ ᠪᠠ ᠳᠠᠶ᠋ᠢᠴᠢᠯᠠᠬᠤ ᠦᠢ᠍ᠯᠡᠳᠦᠯ ᠦᠵᠡᠭᠦᠯᠦᠭᠰᠡᠨ ᠪᠠᠶ᠋ᠢᠨ᠎ᠠ᠃

ᠤᠷᠤᠯᠳᠤᠭ᠋ᠠᠨ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢᠨ ᠤᠯᠤᠰ ᠲᠥᠷᠥ ᠵᠢᠨ ᠣᠨᠣᠯ᠎ᠤᠨ ᠵᠢᠭ᠋ᠠᠨ ᠰᠤᠷᠭ᠋ᠠᠯᠲᠠ ᠵᠢᠨ ᠬᠡᠯᠲᠡᠰ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠪᠡᠯᠡᠳᠬᠡᠵᠦ᠂ ᠣᠯᠠᠨ ᠡᠭᠡᠯᠵᠢ ᠵᠢᠨ ᠬᠢᠴᠢᠶᠡᠯ ᠪᠡᠯᠡᠳᠬᠡᠬᠦ᠂ ᠬᠠᠮᠲᠤ᠎ᠪᠠᠷ ᠬᠢᠴᠢᠶᠡᠯ ᠪᠡᠯᠡᠳᠬᠡᠬᠦ᠂ ᠳᠠᠭᠤᠷᠢᠶᠠᠮᠠᠯ ᠰᠣᠷᠢᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠᠭᠰᠢ ᠨᠠᠷ᠎ᠢ ᠬᠠᠪᠰᠤᠷᠤᠨ ᠬᠢᠴᠢᠶᠡᠯ᠎ᠤᠨ ᠲᠥᠯᠥᠪᠯᠡᠭᠡ ᠵᠢ ᠰᠢᠯᠢᠳᠡᠭᠵᠢᠭᠦᠯᠵᠦ᠂ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠭᠦᠨᠵᠡᠭᠡᠶ᠋ᠢᠷᠡᠭᠦᠯᠦᠨ᠂ ᠵᠢᠭ᠋ᠠᠨ ᠰᠤᠷᠭ᠋ᠠᠯᠲᠠ ᠵᠢᠨ ᠠᠷᠭ᠎ᠠ ᠵᠢᠨ ᠰᠢᠨ᠎ᠡ ᠵᠢ ᠡᠭᠦᠳᠴᠦ᠂ ᠵᠢᠭ᠋ᠠᠨ ᠰᠤᠷᠭ᠋ᠠᠯᠲᠠ ᠵᠢᠨ ᠦᠵᠡᠭᠦᠯᠦᠯᠭᠡ ᠵᠢᠨ ᠬᠠᠨᠳᠤᠯᠭ᠋ᠠᠲᠤ ᠴᠢᠨᠠᠷ ᠪᠠ ᠨᠥᠯᠥᠭᠡᠯᠡᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠪᠡ᠃ ᠤᠷᠤᠯᠳᠤᠭ᠋ᠠᠨ᠎ᠳᠤ ᠣᠷᠣᠯᠴᠠᠭᠰᠠᠨ ᠪᠠᠭᠰᠢ ᠨᠠᠷ ᠴᠢᠩᠭ᠎ᠠ ᠨᠢᠮᠪᠠᠶ ᠡᠷᠳᠡᠮ ᠰᠢᠨᠵᠢᠯᠡᠭᠡᠨ᠎ᠤ ᠣᠪᠣᠷ᠂ ᠠᠮᠢᠳᠤᠯᠢᠭ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠪᠠ ᠨᠥᠯᠥᠭᠡᠯᠡᠬᠦ ᠬᠦᠴᠦᠨ᠎ᠲᠠᠢ ᠬᠢᠴᠢᠶᠡᠯ᠎ᠤᠨ ᠲᠠᠩᠬᠢᠮ᠎ᠤᠨ ᠢᠯᠡᠷᠡᠯ ᠵᠶ᠋ᠠᠷ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠯᠠᠪᠳᠠᠭᠤᠨ ᠪᠠᠲᠤᠲᠠᠶ ᠣᠨᠣᠯ᠎ᠤᠨ ᠬᠡᠪ ᠪᠣᠯᠪᠠᠰᠤᠷᠠᠯ ᠪᠠ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃
ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠲᠣᠰ ᠤᠳᠠᠭ᠋ᠠᠨ᠎ᠤ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠵᠢᠭ᠋ᠠᠨ ᠰᠤᠷᠭ᠋ᠠᠯᠲᠠ ᠵᠢᠨ ᠠᠷᠭ᠎ᠠ ᠵᠢ ᠪᠠᠶᠠᠯᠢᠭᠵᠢᠭᠤᠯᠤᠨ᠂ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠪᠠᠶᠠᠯᠢᠭᠵᠢᠭᠤᠯᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ 《ᠤᠷᠤᠯᠳᠤᠭ᠋ᠠᠨ ᠵᠶ᠋ᠠᠷ ᠰᠠᠭᠤᠷᠢ ᠵᠢ ᠪᠠᠬᠢᠵᠢᠭᠦᠯᠬᠦ᠂ ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠵᠤ ᠶᠠᠰᠤ ᠴᠢᠨᠠᠷ᠎ᠢ ᠴᠢᠩᠭ᠋ᠠᠳᠬᠠᠬᠤ》 ᠰᠠᠶ᠋ᠢᠨ ᠣᠷᠴᠢᠯ᠎ᠢ ᠪᠣᠶ ᠪᠣᠯᠭ᠋ᠠᠵᠤ᠂ ᠦᠵᠡᠯ ᠰᠠᠨᠠᠭ᠎ᠠ ᠤᠯᠤᠰ ᠲᠥᠷᠥ᠎ᠪᠠᠷ ᠬᠥᠮᠦᠨ᠎ᠢ ᠬᠥᠮᠦᠵᠢᠭᠦᠯᠬᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠨᠠᠩ ᠣᠯᠠᠨ ᠤᠯᠤᠰ ᠲᠥᠷᠥ ᠵᠢᠨ ᠲᠠᠯ᠎ᠠ᠎ᠪᠠᠷ ᠡᠷᠡᠰ ᠪᠠᠲᠤ᠂ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ᠂ ᠣᠪᠣᠷ ᠰᠤᠷᠲᠠᠯ ᠰᠢᠯᠢᠳᠡᠭ ᠰᠠᠶ᠋ᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢ ᠴᠢᠷᠮᠠᠶ᠋ᠢᠨ ᠬᠥᠮᠦᠵᠢᠭᠦᠯᠵᠦ᠂ ᠦᠨᠡᠨᠴᠢ ᠢᠲᠡᠭᠡᠮᠵᠢᠲᠡᠶ᠂ ᠠᠷᠠᠳ ᠲᠦᠮᠡᠨ᠎ᠳᠤ ᠦᠢ᠍ᠯᠡᠴᠢᠯᠡᠳᠡᠭ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠵᠠᠯᠭ᠋ᠠᠮᠵᠢᠯᠠᠭᠴᠢ ᠵᠢ ᠬᠥᠮᠦᠵᠢᠭᠦᠯᠬᠦ᠎ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠬᠡᠪᠡ᠃