ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠤᠷᠢᠶᠠᠨ᠎ᠤ ᠱᠠᠭ᠋ᠠᠷᠳᠠᠯᠭ᠎ᠠ ᠶᠣᠰᠣᠭ᠋ᠠᠷ᠂ 《ᠪᠠᠲᠤᠯᠠᠬᠤ᠂ ᠵᠠᠰᠠᠬᠤ᠂ ᠬᠤᠪᠢᠷᠠᠭᠤᠯᠬᠤ᠂ ᠪᠠᠶ᠋ᠢᠭᠤᠯᠬᠤ》 ᠠᠮᠢ ᠠᠬᠤᠢ ᠵᠢᠨ ᠴᠠᠭᠳᠠᠭ᠋ᠠᠨ᠎ᠤ ᠶᠠᠪᠤᠳᠠᠯ᠎ᠢ ᠡᠭᠦᠳᠬᠦ ᠵᠢ ᠪᠠᠷᠢᠮᠲᠠᠯᠠᠵᠤ᠂ ᠤᠮᠠᠷᠠᠲᠤ ᠵᠢᠨ ᠡᠬᠡ ᠭᠠᠵᠠᠷ᠎ᠤᠨ ᠦᠵᠡᠰᠬᠦᠯᠡᠩᠲᠦ ᠰᠠᠶ᠋ᠢᠬᠠᠨ ᠬᠢᠭᠡᠳ ᠬᠥᠭᠵᠢᠯᠲᠡ ᠵᠢᠨ ᠬᠤᠣᠰ ᠠᠮᠵᠢᠯᠲᠠ ᠵᠢ ᠪᠠᠲᠤᠯᠠᠬᠤ᠎ᠳᠤ ᠦᠢ᠍ᠯᠡᠴᠢᠯᠡᠪᠡ᠃

《ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ》᠎ᠪᠠᠷ ᠪᠣᠬᠢᠷᠲᠤᠯ ᠦᠭᠡᠢ ᠬᠥᠭᠵᠢᠯᠲᠡ ᠵᠢᠨ ᠰᠠᠭᠤᠷᠢ ᠦᠩᠭᠡ ᠵᠢ ᠵᠤᠵᠠᠭ᠋ᠠᠳᠬᠠᠪᠠ᠃ ᠪᠢᠳᠡ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠪᠠ᠃ ᠠᠮᠤ ᠪᠤᠳᠠᠭ᠋ᠠᠨ᠎ᠤ ᠭᠤᠤᠯ ᠭᠠᠷᠤᠯᠲᠠ ᠵᠢᠨ ᠣᠷᠣᠨ᠂ ᠬᠠᠷ᠎ᠠ ᠬᠥᠷᠥᠰᠥ ᠵᠢᠨ ᠲᠠᠷᠬᠠᠯᠲᠠ ᠵᠢᠨ ᠣᠷᠣᠨ᠎ᠤ ᠦᠨᠳᠦᠰᠦᠨ ᠲᠠᠷᠢᠶᠠᠨ ᠭᠠᠵᠠᠷ᠎ᠤᠨ ᠬᠠᠤᠯᠢ ᠬᠡᠷᠡᠭᠵᠢᠭᠦᠯᠬᠦ ᠪᠠᠶ᠋ᠢᠷᠢᠰᠢᠯ᠎ᠢ ᠪᠠᠶ᠋ᠢᠭᠤᠯᠵᠤ᠂ ᠣᠷᠣᠨ ᠪᠦᠰᠡ ᠵᠢᠨ ᠬᠠᠮᠵᠢᠯᠴᠠᠭ᠎ᠠ ᠵᠡᠷᠭᠡ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ ᠪᠠᠶ᠋ᠢᠭ᠋ᠠᠳ 450 ᠮᠥ᠍ ᠬᠠᠷ᠎ᠠ ᠬᠥᠷᠥᠰᠥ ᠵᠢ ᠬᠠᠮᠠᠭ᠋ᠠᠯᠠᠨ᠎ᠠ᠃ ᠣᠶ ᠰᠢᠭᠤᠶ (ᠨᠤᠲᠤᠭ ᠪᠡᠯᠴᠢᠭᠡᠷ) ᠵᠢᠨ ᠴᠠᠭᠳᠠᠭ᠎ᠠ ᠵᠢᠨ ᠳᠠᠷᠤᠭ᠎ᠠ ᠵᠢᠨ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠯᠢ ᠬᠢᠵᠠᠭ᠋ᠠᠷ᠂ ᠭᠤᠤᠯᠳᠠᠯᠭ᠎ᠠ᠎ᠲᠠᠢ ᠰᠢᠭᠤᠶ᠋ᠢᠲᠤ ᠣᠷᠣᠨ᠎ᠳᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠴᠡᠭ᠎ᠢ ᠪᠠᠶ᠋ᠢᠭᠤᠯᠵᠤ᠂ ᠤᠷᠢᠳ ᠡᠮᠦᠨ᠎ᠡ ᠪᠠᠶ᠋ᠢᠭ᠎ᠠ ᠥᠬᠡᠶ ᠡᠷᠴᠢᠮ ᠵᠶ᠋ᠠᠷ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠭᠡᠬᠦ ᠲᠤᠰᠬᠠᠶ ᠴᠡᠭᠴᠡᠯᠡᠨ ᠵᠠᠰᠠᠬᠤ ᠠᠵᠢᠯ᠎ᠢ ᠲᠦᠷᠦᠭᠦᠯᠡᠨ ᠥᠷᠨᠢᠭᠦᠯᠵᠦ᠂ 19.62 ᠲᠦᠮᠡᠨ ᠮᠥ᠍ ᠨᠤᠲᠤᠭ ᠪᠡᠯᠴᠢᠭᠡᠷ ᠣᠶ᠋ᠢᠲᠤ ᠭᠠᠵᠠᠷ᠎ᠢ ᠬᠠᠮᠠᠭ᠋ᠠᠯᠠᠪᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢ ᠬᠠᠮᠠᠭ᠋ᠠᠯᠠᠬᠤ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠢ ᠡᠷᠭᠢᠯᠡᠵᠦ᠂ 9 ᠮᠤᠵᠢ ᠣᠷᠣᠨ᠎ᠤ ᠰᠠᠪᠠ ᠭᠠᠵᠠᠷ᠎ᠤᠨ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠬᠤ ᠵᠢ ᠰᠠᠨᠠᠭ᠋ᠠᠴᠢᠯᠠᠪᠠ᠂ 5 ᠵᠢᠯ ᠳᠠᠷᠠᠭ᠋ᠠᠯᠠᠨ 《ᠬᠠᠲᠤᠨ ᠭᠤᠤᠯ᠎ᠢ ᠬᠠᠮᠠᠭ᠋ᠠᠯᠠᠬᠤ》 ᠠᠵᠢᠯᠯᠠᠭ᠎ᠠ ᠵᠢ ᠥᠷᠨᠢᠭᠦᠯᠵᠦ᠂ ᠡᠭᠴᠡ ᠨᠢᠰᠬᠡᠯ ᠵᠶ᠋ᠠᠷ ᠵᠢᠯ᠎ᠤᠨ ᠲᠣᠭᠤᠷᠢᠨ ᠪᠠᠶ᠋ᠢᠴᠠᠭ᠋ᠠᠬᠤ᠂ ᠵᠢᠯᠣᠭᠤᠴᠢ ᠥᠬᠡᠶ ᠨᠢᠰᠬᠡᠯ ᠵᠶ᠋ᠠᠷ ᠰᠠᠷ᠎ᠠ᠎ᠶᠢᠨ ᠲᠣᠭᠤᠷᠢᠨ ᠪᠠᠶ᠋ᠢᠴᠠᠭ᠋ᠠᠬᠤ᠂ ᠴᠠᠭ ᠲᠤᠬᠠᠶ᠎ᠳᠤ ᠨᠢ ᠣᠶᠤᠨᠴᠢ᠎ᠪᠠᠷ ᠮᠡᠳᠡᠷᠡᠬᠦ ᠵᠢ ᠪᠡᠶᠡᠯᠡᠭᠦᠯᠪᠡ᠃

《ᠴᠣᠬᠢᠯᠲᠠ ᠥᠭᠴᠦ ᠵᠠᠰᠠᠬᠤ》᠎ᠪᠠᠷ ᠪᠣᠬᠢᠷᠲᠤᠯ ᠦᠭᠡᠢ ᠬᠥᠭᠵᠢᠯᠲᠡ ᠵᠢᠨ ᠡᠮᠵᠡᠭ ᠲᠠᠯ᠎ᠠ᠎ᠶᠢ ᠠᠷᠢᠯᠭ᠋ᠠᠪᠠ᠃ ᠪᠢᠳᠡ ᠴᠣᠬᠢᠯᠲᠠ ᠥᠭᠬᠦ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ 《ᠭᠤᠷᠪᠠᠨ ᠤᠮᠠᠷᠠᠲᠤ》 ᠵᠢᠨ ᠢᠨᠵᠧᠨᠧᠷᠢᠩ ᠦ᠋᠊ᠨ ᠪᠡᠯᠭᠡ ᠲᠡᠮᠳᠡᠭ ᠦ᠋᠊ᠨ ᠴᠢᠨᠠᠷᠲᠠᠶ ᠳᠠᠶ᠋ᠢᠯᠠᠯᠳᠤᠭ᠋ᠠᠨ᠎ᠢ ᠰᠠᠶ᠋ᠢᠲᠤᠷ ᠬᠢᠪᠡ᠃ ᠴᠦᠯᠯᠡᠷᠬᠡᠭᠵᠢᠯ᠎ᠢ ᠵᠠᠰᠠᠬᠤ ᠭᠤᠣᠯ ᠳᠠᠶ᠋ᠢᠨ᠎ᠤ ᠲᠠᠯᠠᠪᠤᠷ᠎ᠢ ᠴᠢᠩᠭ᠎ᠠ ᠠᠩᠬᠠᠷᠴᠤ᠂ ᠠᠮᠢ ᠠᠬᠤᠢ ᠵᠢᠨ ᠴᠢᠳᠠᠮᠵᠢ ᠵᠢᠨ ᠣᠷᠣᠨ᠎ᠳᠤ 《ᠲᠣᠣᠷᠵᠢᠭᠤᠯᠤᠬᠰᠠᠨ ᠨᠢᠭᠡ ᠵᠢᠷᠤᠭ》᠎ᠢ ᠪᠠᠶ᠋ᠢᠭᠤᠯᠵᠤ᠂ ᠬᠠᠤᠯᠢ ᠪᠤᠰᠤ᠎ᠪᠡᠷ ᠮᠠᠯᠲᠠᠬᠤ᠂ ᠬᠤᠯᠠᠭ᠋ᠠᠶ᠋ᠢᠯᠠᠨ ᠣᠭᠲᠣᠯᠬᠤ ᠳᠤᠷ᠎ᠠ᠎ᠪᠠᠷ ᠵᠶ᠋ᠠᠨ ᠣᠭᠲᠣᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ ᠡᠯᠡᠰᠦᠷᠬᠡᠭᠵᠢᠯ ᠢ ᠰᠡᠷᠭᠡᠶ᠋ᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠭᠡᠷᠡᠯ ᠴᠡᠨᠡᠭ᠎ᠢ ᠨᠢᠭᠡ ᠴᠣᠭᠴᠠᠵᠢᠭᠤᠯᠤᠨ ᠴᠠᠬᠢᠯᠭ᠋ᠠᠨ ᠭᠠᠷᠭ᠋ᠠᠬᠤ ᠨᠦᠬᠦᠪᠦᠷᠢ ᠮᠡᠬᠡᠯᠡᠬᠦ᠎ᠶᠢ ᠴᠡᠭᠴᠡᠯᠡᠨ ᠵᠠᠰᠠᠬᠤ ᠵᠢ ᠥᠷᠨᠢᠭᠦᠯᠪᠡ᠃ ᠠᠭ᠋ᠠᠷ ᠮᠠᠨᠳᠠᠯ᠂ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠨᠤᠭᠤ ᠭᠠᠵᠠᠷ ᠪᠠ ᠬᠡᠭᠡᠷ᠎ᠡ ᠵᠢᠨ ᠰᠢᠪᠠᠭᠤᠨ᠎ᠤ ᠲᠥᠷᠥᠯ᠎ᠢ ᠬᠠᠮᠠᠭ᠋ᠠᠯᠠᠬᠤ ᠵᠡᠷᠭᠡ ᠵᠢ ᠴᠢᠩᠭ᠎ᠠ ᠠᠩᠬᠠᠷᠴᠤ᠂ 《ᠡᠬᠢ ᠡᠭᠦᠰᠦᠯ᠎ᠠᠴᠠ᠎ᠨᠢ ᠴᠣᠬᠢᠬᠤ᠂ ᠡᠭᠦᠷ᠎ᠢ ᠰᠡᠢ᠌ᠷᠡᠭᠦᠯᠬᠦ᠂ ᠲᠣᠤᠷ᠎ᠢ ᠡᠪᠳᠡᠬᠦ᠂ ᠬᠡᠯᠬᠢᠶ᠎ᠡ ᠵᠢ ᠲᠠᠰᠤᠯᠬᠤ᠂ ᠤᠷᠤᠰᠬᠠᠯ᠎ᠢ ᠪᠠᠶ᠋ᠢᠴᠠᠭ᠋ᠠᠬᠤ》 ᠪᠥᠬᠦ ᠬᠡᠯᠬᠢᠶ᠎ᠡ᠎ᠳᠤ ᠴᠣᠬᠢᠯᠲᠠ ᠥᠭᠬᠦ ᠲᠣᠭᠲᠠᠴᠠ ᠵᠢ ᠲᠡᠭᠦᠯᠳᠡᠷᠵᠢᠭᠦᠯᠪᠡ᠃
《ᠣᠶ᠋ᠢᠯᠠᠭ᠋ᠠᠭᠳᠠᠬᠤᠨ ᠵᠶ᠋ᠠᠨ ᠬᠤᠪᠢᠷᠠᠭᠤᠯᠬᠤ》᠎ᠪᠠᠷ ᠪᠣᠬᠢᠷᠲᠤᠯ ᠦᠭᠡᠢ ᠬᠥᠭᠵᠢᠯᠲᠡ ᠵᠢᠨ ᠬᠥᠳᠡᠯᠭᠡᠬᠦ ᠬᠦᠴᠦᠨ᠎ᠢ ᠳᠡᠭᠡᠭᠰᠢᠯᠡᠭᠦᠯᠦᠨ᠎ᠡ᠃ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠃ ᠪᠢᠳᠡ ᠭᠤᠤᠯᠳᠠᠯᠭ᠎ᠠ᠎ᠲᠠᠢ ᠰᠠᠯᠬᠢ ᠬᠡᠷᠡᠯ ᠴᠠᠬᠢᠯᠭ᠋ᠠᠨ᠎ᠤ ᠲᠥᠷᠥᠯ ᠵᠦᠢ᠍ᠯ᠎ᠳᠤ ᠴᠠᠭᠳᠠᠭ᠋ᠠᠨ᠎ᠤ ᠶᠠᠪᠤᠳᠠᠯ᠎ᠤᠨ ᠲᠠᠰᠤᠭ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠴᠡᠭ ᠬᠠᠷᠠᠭ᠋ᠠᠯᠵᠠᠭᠤᠯᠤᠨ ᠰᠢᠢ᠍ᠳᠪᠦᠷᠢᠯᠡᠵᠦ᠂ ᠨᠢᠭᠡᠳᠦᠭᠡᠷ ᠹᠷᠣᠨᠲ᠎ᠲᠤ ᠭᠠᠵᠠᠷ ᠰᠢᠷᠣᠶ ᠲᠠᠲᠠᠪᠤᠷᠢᠯᠠᠬᠤ ᠨᠥᠬᠦᠪᠥᠷᠢ᠂ ᠬᠥᠳᠡᠯᠮᠦᠷᠢ ᠵᠢᠨ ᠬᠥᠯᠥᠰᠥ ᠣᠯᠭᠤᠮᠵᠢ ᠵᠢᠨ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠵᠤ᠂ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠪᠦᠲᠦᠮᠵᠢᠲᠡᠶ ᠪᠠᠲᠤᠯᠠᠪᠠ᠃ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠳᠤ ᠴᠠᠭᠳᠠᠭ᠋ᠠᠨ᠎ᠤ ᠶᠠᠪᠤᠳᠠᠯ᠎ᠤᠨ ᠬᠤᠯᠪᠣᠭ᠎ᠠ ᠠᠪᠬᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠥᠷᠲᠡᠭᠡ ᠴᠡᠭ᠎ᠢ 91 ᠪᠠᠶ᠋ᠢᠭᠤᠯᠵᠤ᠂ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠲᠠᠢ ᠨᠢᠭᠤᠷᠲᠠᠨ ᠬᠠᠷᠢᠯᠴᠠᠵᠤ᠂ ᠲᠠᠸᠠᠷ᠎ᠤᠨ ᠲᠡᠮᠳᠡᠭ᠎ᠤᠨ ᠡᠷᠬᠡ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠬᠡᠷᠡᠭ᠎ᠢ ᠬᠠᠤᠯᠢ ᠶᠣᠰᠣᠭ᠋ᠠᠷ 200 ᠭᠠᠷᠤᠢ ᠲᠠᠩᠨᠠᠨ ᠢᠯᠡᠷᠡᠭᠦᠯᠪᠡ᠃

《ᠴᠢᠳᠠᠪᠤᠷᠢ ᠵᠢᠨ ᠪᠠᠢ᠌ᠭᠤᠯᠤᠯᠲᠠ》᠎ᠪᠠᠷ ᠪᠣᠬᠢᠷᠲᠤᠯ ᠥᠬᠡᠢ ᠬᠥᠭᠵᠢᠯᠲᠡ ᠵᠢᠨ ᠶᠠᠰᠤ ᠴᠢᠨᠠᠷ᠎ᠢ ᠬᠠᠮᠠᠭ᠋ᠠᠯᠠᠨ᠎ᠠ᠃ ᠬᠦᠴᠦᠨ᠎ᠤ ᠪᠠᠶ᠋ᠢᠭᠤᠯᠤᠯᠲᠠ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠨᠢ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ᠎ᠶᠢ ᠲᠤᠷᠰᠢᠨ ᠪᠠᠶ᠋ᠢᠴᠠᠭ᠋ᠠᠬᠤ ᠲᠤᠰᠬᠠᠶ ᠬᠦᠴᠦᠨ᠎ᠢ ᠵᠣᠬᠢᠶᠠᠨ ᠪᠠᠶ᠋ᠢᠭᠤᠯᠤᠨ᠎ᠠ; ᠠᠮᠢ ᠠᠬᠤᠶ ᠵᠢᠨ ᠴᠠᠭᠳᠠᠭ᠎ᠠ ᠵᠢᠨ ᠳᠠᠷᠤᠭ᠎ᠠ ᠵᠢᠨ ᠳᠦᠷᠢᠮ᠎ᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ; 《ᠨᠢᠭᠡ ᠨᠠᠭᠤᠷ ᠬᠤᠶᠠᠷ ᠲᠡᠯᠡᠶ》 ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠲᠤᠰᠬᠠᠶ ᠪᠠᠶ᠋ᠢᠭᠤᠯᠤᠮᠵᠢ ᠲᠣᠬᠢᠷᠠᠭᠤᠯᠵᠤ᠂ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠂ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠢ ᠡᠮᠬᠢᠯᠡᠨ ᠨᠡᠶ᠋ᠢᠯᠡᠭᠦᠯᠵᠦ ᠪᠠᠶ᠋ᠢᠭᠤᠯᠤᠨ᠎ᠠ᠃ ᠲᠣᠭᠲᠠᠴᠠ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ᠂ ᠠᠮᠢ ᠠᠬᠤᠶ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ᠎ᠲᠠᠢ ᠵᠣᠯᠭ᠋ᠠᠯᠳᠤᠭᠤᠯᠤᠨ ᠢᠵᠢ ᠪᠦᠷᠢᠳᠦᠭᠦᠯᠬᠦ ᠳᠦᠷᠢᠮ᠎ᠢ 43 ᠪᠠᠶ᠋ᠢᠭᠤᠯᠵᠤ᠂ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶ᠎ᠠ᠎ᠲᠠᠢ ᠬᠠᠮᠵᠢᠯᠴᠠᠨ ᠬᠡᠷᠡᠭ ᠰᠢᠢ᠍ᠳᠪᠦᠷᠢᠯᠡᠬᠦ ᠪᠠ 《ᠬᠤᠶᠠᠷ ᠬᠠᠤᠯᠢ ᠵᠢ ᠵᠣᠯᠭ᠋ᠠᠭᠤᠯᠬᠤ》 ᠲᠣᠭᠲᠠᠴᠠ ᠵᠢ ᠭᠦᠨᠵᠡᠭᠡᠶ᠋ᠢᠷᠡᠭᠦᠯᠪᠡ᠃ ᠠᠷᠭ᠎ᠠ ᠪᠠᠷᠢᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ᠂ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ᠎ᠶᠢ ᠲᠤᠷᠰᠢᠨ ᠪᠠᠶ᠋ᠢᠴᠠᠭ᠋ᠠᠬᠤ ᠣᠶᠤᠨᠴᠢ ᠲᠥᠪ᠎ᠢ ᠪᠠᠶ᠋ᠢᠭᠤᠯᠵᠤ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢᠨ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ᠎ᠤᠨ ᠵᠦᠢ᠍ᠯ᠎ᠢ ᠰᠢᠯᠭ᠋ᠠᠨ ᠪᠠᠶ᠋ᠢᠴᠠᠭ᠋ᠠᠵᠤ ᠬᠢᠨᠠᠨ ᠲᠣᠭᠲᠠᠭ᠋ᠠᠬᠤ ᠲᠤᠷᠰᠢᠯᠲᠠ ᠵᠢᠨ ᠲᠠᠰᠤᠭ ᠪᠠ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠦᠷᠭᠡᠨ ᠪᠠᠶ᠋ᠢᠴᠠᠭ᠋ᠠᠬᠤ ᠲᠤᠷᠰᠢᠯᠲᠠ ᠵᠢᠨ ᠲᠠᠰᠤᠭ᠎ᠢ ᠪᠠᠶ᠋ᠢᠭᠤᠯᠵᠤ᠂ ᠲᠤᠯᠭ᠋ᠠᠭᠤᠷᠢᠯᠠᠵᠤ ᠪᠠᠲᠤᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠪᠠ᠃