ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠦᠷᠭᠦᠯᠵᠢᠯᠡᠨ 《ᠰᠡᠷᠢᠭᠦᠴᠡᠬᠦ ᠪᠤᠳᠠᠰ ᠬᠦᠷᠭᠡᠵᠦ  ᠴᠠᠭᠳᠠᠭ᠎ᠠ᠎ᠶᠢ ᠬᠠᠯᠠᠮᠵᠢᠯᠠᠵᠤ》 ᠡᠮᠦᠨ᠎ᠡ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ ᠬᠤᠪᠢ ᠨᠡᠮᠡᠷᠢ ᠦᠵᠡᠭᠦᠯᠬᠦ ᠵᠢ ᠵᠣᠷᠢᠭᠵᠢᠭᠤᠯᠪᠠ
ᠨᠡᠶ᠋ᠢᠲᠡᠯᠡᠭᠰᠡᠨ ᠴᠠᠭ᠄ 2025-07-30

      ᠡᠨᠡ ᠵᠢᠯ ᠵᠤᠨ ᠣᠷᠣᠭᠰᠠᠨ᠎ᠠᠴᠠ ᠨᠠᠭ᠋ᠠᠰᠢ᠂ ᠠᠭ᠋ᠠᠭᠢᠮ᠎ᠠ ᠬᠠᠯᠠᠭᠤᠨ ᠠᠭ᠋ᠠᠳᠠᠷ ᠪᠤᠷᠤᠭ᠋ᠠᠨ᠎ᠤ ᠰᠢᠯᠭ᠋ᠠᠯᠲᠠ ᠪᠠ ᠬᠠᠲᠠᠭᠤ ᠪᠡᠷᠬᠡ ᠠᠵᠢᠯ᠎ᠤᠨ ᠡᠭᠦᠷᠭᠡ ᠵᠢᠨ ᠡᠮᠦᠨ᠎ᠡ᠂ ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠥᠷᠭᠡᠨ ᠣᠯᠠᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ᠎ᠤᠨ ᠪᠠᠶ᠋ᠢᠷᠢ᠎ᠪᠠᠨ ᠢᠮᠠᠭᠲᠠ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂ ᠠᠷᠠᠳ᠎ᠤᠨ ᠠᠮᠢᠳᠤᠷᠠᠯ᠎ᠢ ᠬᠠᠮᠠᠭ᠋ᠠᠯᠠᠨ᠂ ᠪᠥᠬᠦ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠶᠡᠭᠡ ᠲᠠᠯ᠎ᠠ ᠵᠢᠨ ᠲᠣᠭᠲᠠᠭᠤᠨ᠎ᠢ ᠪᠥᠬᠦ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠬᠠᠷᠢᠭᠤᠴᠠᠯᠭ᠎ᠠ ᠪᠠ ᠡᠭᠦᠷᠭᠡᠯᠡᠯ᠎ᠢ ᠲᠠᠶ᠋ᠢᠯᠪᠤᠷᠢᠯᠠᠪᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠴᠠᠭᠳᠠᠭ᠎ᠠ ᠵᠢ ᠬᠠᠶ᠋ᠢᠷᠠᠯᠠᠬᠤ ᠴᠠᠭᠳᠠᠭ᠎ᠠ ᠵᠢ ᠬᠠᠯᠠᠮᠵᠢᠯᠠᠬᠤ ᠰᠢᠷᠢᠰ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠡᠮᠡᠴᠡᠯ᠎ᠤᠨ ᠵᠣᠷᠢᠭ᠎ᠢ ᠤᠯᠠᠮ ᠨᠢᠭᠡ ᠠᠯᠬᠤᠮ ᠤᠷᠮᠠᠰᠢᠭᠤᠯᠤᠨ ᠬᠥᠪᠴᠢᠯᠡᠬᠦ ᠵᠢᠨ ᠲᠥᠯᠥᠭᠡ᠂ ᠵᠣᠨ᠎ᠤ ᠤᠯᠠᠷᠢᠯ᠎ᠤᠨ ᠥᠨᠳᠥᠷ ᠳᠤᠯᠠᠭ᠋ᠠᠨ ᠠᠭᠤᠷ ᠠᠮᠢᠰᠬᠤᠯ᠎ᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠠᠯᠠᠭᠤᠨ᠎ᠤ ᠬᠡᠮᠵᠢᠶ᠎ᠡ ᠵᠢ ᠪᠠᠭᠤᠷᠠᠭᠤᠯᠬᠤ ᠠᠵᠢᠯ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠰᠡᠷᠢᠭᠦᠴᠡᠬᠦ ᠪᠤᠳᠠᠰ ᠬᠦᠷᠭᠡᠵᠦ  ᠴᠠᠭᠳᠠᠭ᠎ᠠ᠎ᠶᠢ ᠬᠠᠯᠠᠮᠵᠢᠯᠠᠬᠤ》 ᠲᠣᠬᠤᠨᠢᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠢᠩᠬᠢᠮ᠎ᠤᠨ ᠨᠠᠮ᠎ᠤᠨ ᠬᠤᠷᠢᠶ᠎ᠠ ᠵᠢᠨ ᠬᠠᠯᠠᠮᠵᠢᠯᠠᠯ᠎ᠢ ᠥᠷᠭᠡᠨ ᠣᠯᠠᠨ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠳᠡᠷᠭᠡᠳᠡ ᠬᠦᠷᠭᠡᠵᠦ᠂ ᠨᠢᠭᠡᠳᠦᠭᠡᠷ ᠹᠷᠣᠨᠲ᠎ᠢ ᠪᠠᠲᠤ ᠰᠠᠬᠢᠵᠤ ᠪᠠᠶ᠋ᠢᠭ᠎ᠠ ᠲᠡᠳᠡᠨ᠎ᠢ ᠪᠡᠶ᠎ᠡ ᠮᠠᠬᠠᠪᠤᠳ᠎ᠢ ᠨᠢ ᠰᠡᠷᠢᠭᠦᠴᠡᠭᠦᠯᠵᠦ᠂ ᠪᠤᠳᠣᠯ ᠰᠡᠳᠬᠢᠯᠭᠡ᠎ᠶᠢ ᠨᠢ ᠳᠤᠯᠠᠭ᠋ᠠᠴᠠᠭᠤᠯᠪᠠ᠃

 

 

      7 ᠰᠠᠷ᠎ᠠ ᠵᠢᠨ 22᠎ᠤᠨ ᠡᠳᠦᠷ ᠪᠢᠯᠢᠭ᠎ᠤᠨ ᠤᠯᠠᠷᠢᠯ᠎ᠤᠨ ᠶᠡᠭᠡ ᠬᠠᠯᠠᠭᠣᠨ ᠬᠦᠷᠴᠦ ᠢᠷᠡᠬᠦ ᠲᠠᠰᠢᠷᠠᠮ ᠵᠶ᠋ᠠᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ ᠨᠢᠭᠡᠳᠦᠭᠡᠷ ᠰᠠᠯᠪᠤᠷᠢ ᠠᠩᠭᠢ ᠵᠢᠨ ᠴᠢ ᠰᠢᠶᠠ ᠶᠢᠩ ᠶᠡᠭᠡ ᠠᠩᠭᠢ᠂ ᠬᠥᠬᠡᠬᠤᠲᠠ ᠵᠢᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠷᠠᠭᠤᠯ᠎ᠤᠨ ᠴᠢᠭ᠂ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠵᠦᠩ ᠵᠤᠸᠠᠨ ᠵᠠᠮ᠎ᠤᠨ ᠲᠣᠮᠢᠯᠠᠭᠰᠠᠨ ᠰᠠᠯᠪᠤᠷᠢ᠂ ᠬᠥᠬᠡᠬᠤᠲᠠ ᠵᠢᠨ ᠢᠦᠢ ᠴᠢᠤᠸᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠶᠡᠭᠡ ᠵᠤᠤ ᠵᠢᠨ ᠦᠢ᠍ᠯᠡᠴᠢᠯᠡᠭᠡᠨ᠎ᠦ ᠴᠢᠭ᠎ᠲᠤ ᠭᠦᠨᠵᠡᠭᠡᠶ᠋ᠢᠷᠡᠨ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠪᠣᠯᠭᠤᠭ᠋ᠠᠨ ᠦᠵᠡᠵᠦ᠂ ᠲᠢᠩᠬᠢᠮ᠎ᠤᠨ ᠨᠠᠮ᠎ᠤᠨ ᠬᠤᠷᠢᠶ᠎ᠠ ᠵᠢ ᠲᠥᠯᠥᠭᠡᠯᠡᠨ ᠨᠢᠭᠡᠳᠦᠭᠡᠷ ᠹᠷᠣᠨᠲ᠎ᠲᠤ ᠠᠵᠢᠯᠯᠠᠵᠤ ᠪᠠᠶ᠋ᠢᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠬᠠᠯᠠᠭᠤᠨ᠎ᠠᠴᠠ ᠰᠡᠷᠭᠡᠶ᠋ᠢᠯᠡᠬᠦ ᠡᠳ᠋ ᠪᠣᠳᠠᠰ ᠬᠦᠷᠭᠡᠵᠦ᠂ ᠠᠭ᠋ᠠᠬᠢᠮ᠎ᠠ ᠬᠠᠯᠠᠭᠤᠨ᠎ᠳᠤ ᠠᠵᠢᠯ ᠦᠢ᠍ᠯᠡᠰ ᠵᠶ᠋ᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠪᠠ᠃ ᠡᠭᠦᠨ᠎ᠤ ᠬᠠᠮᠲᠤ ᠡᠯ᠎ᠡ ᠨᠢᠭᠡᠴᠢ ᠵᠢ ᠴᠠᠭᠳᠠᠭ᠎ᠠ ᠵᠢ ᠬᠠᠶ᠋ᠢᠷᠠᠯᠠᠵᠤ ᠴᠠᠭᠳᠠᠭ᠎ᠠ ᠵᠢ ᠬᠠᠯᠠᠮᠵᠢᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭ ᠨᠠᠶ᠋ᠢᠳᠠᠪᠤᠷᠢᠵᠢᠭᠤᠯᠵᠤ᠂ ᠦᠢ᠍ᠯᠡᠴᠢᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠳᠣᠭᠢᠷᠠᠭᠤᠯᠤᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ 《ᠪᠠᠴᠢᠮ ᠪᠡᠷᠬᠡ ᠵᠣᠪᠠᠨᠢᠯ ᠡᠷᠮᠡᠯᠵᠢᠯ》 ᠠᠰᠠᠭᠤᠳᠠᠯ᠎ᠢ ᠴᠠᠭ ᠲᠤᠬᠠᠶ᠎ᠳᠦ ᠨᠢ ᠰᠢᠢ᠍ᠳᠪᠦᠷᠢᠯᠡᠵᠦ᠂ ᠡᠩᠨᠡᠭᠡ ᠵᠢᠨ ᠨᠢᠭᠲᠠᠷᠠᠯ᠎ᠤᠨ ᠬᠦᠴᠦᠨ᠂ ᠲᠥᠪᠯᠡᠩᠭᠦᠶ ᠬᠦᠴᠦᠨ᠂ ᠳᠠᠶ᠋ᠢᠴᠢᠨ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃

      ᠲᠤᠰ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠎ᠤᠨ ᠠᠵᠢᠯ᠎ᠤᠨ ᠬᠤᠷᠢᠶ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠨᠢᠭᠡᠳᠦᠭᠡᠷ ᠰᠠᠯᠪᠤᠷᠢ ᠠᠩᠭᠢ ᠵᠢᠨ ᠬᠥᠬᠡᠬᠤᠲᠠ ᠵᠢᠨ ᠶᠡᠭᠡ ᠠᠩᠭᠢ᠎ᠳᠤ ᠭᠦᠨᠵᠡᠭᠡᠶ᠋ᠢᠷᠡᠵᠦ᠂ ᠵᠣᠨ᠎ᠤ ᠤᠯᠠᠷᠢᠯ᠎ᠤᠨ 《ᠰᠡᠷᠢᠭᠦᠴᠡᠬᠦ ᠪᠤᠳᠠᠰ ᠬᠦᠷᠭᠡᠬᠦ》 ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠬᠠᠨᠳᠢᠪᠯᠠᠭᠰᠠᠨ ᠥᠷᠲᠡᠭ᠎ᠨᠢ 20 ᠲᠦᠮᠡᠨ ᠲᠥᠭᠦᠷᠢᠭ᠎ᠤᠨ ᠲᠦᠷᠭᠡᠨ ᠠᠪᠤᠷᠠᠯᠲᠠ ᠵᠢᠨ AED ᠮᠠᠰᠢᠨ᠂ ᠷᠠᠰᠢᠶᠠᠨ ᠤᠰᠤ᠂ ᠲᠦᠷᠭᠡᠨ ᠠᠪᠤᠷᠠᠯᠲᠠ ᠵᠢᠨ ᠪᠣᠭᠴᠣ ᠵᠡᠷᠭᠡ ᠡᠳ᠋ ᠪᠣᠳᠠᠰ᠎ᠢ ᠴᠤ᠌ ᠵᠠᠯᠭ᠋ᠠᠭ᠎ᠠ᠎ᠪᠠᠷ ᠨᠢᠭᠡᠳᠦᠭᠡᠷ ᠹᠷᠣᠨᠲ᠎ᠲᠤ ᠲᠦᠭᠡᠭᠡᠨ ᠲᠠᠷᠬᠠᠭ᠋ᠠᠬᠤ ᠪᠣᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠭᠡᠳᠦᠯᠲᠡᠶ ᠲᠥᠯᠥᠪᠯᠡᠨ ᠳᠠᠭ᠋ᠠᠭᠤᠯᠭ᠎ᠠ ᠳᠣᠤᠷ᠎ᠠ᠂ ᠪᠥᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠭᠠᠵᠠᠷ ᠣᠷᠣᠨ᠎ᠤ ᠣᠨᠴᠠᠯᠢᠭ ᠪᠠ ᠤᠯᠠᠷᠢᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠴᠠᠭᠳᠠᠭ᠎ᠠ ᠵᠢ ᠬᠠᠢ᠌ᠷᠠᠯᠠᠬᠤ ᠴᠠᠭᠳᠠᠭ᠎ᠠ᠎ᠶᠢ ᠬᠠᠯᠠᠮᠵᠢᠯᠠᠬᠤ ᠰᠢᠷᠢᠰ ᠠᠵᠢᠯᠯᠠᠭ᠎ᠠ᠎ᠶᠢ ᠠᠯᠬᠤᠬ᠎ᠠ ᠨᠢᠭᠡᠲᠡᠢ ᠥᠷᠨᠢᠭᠦᠯᠪᠡ᠄ ᠡᠯ᠎ᠡ ᠦᠨᠳᠦᠰᠦᠨ ᠱᠠᠲᠤᠨ᠎ᠤ ᠨᠢᠭᠡᠴᠢ ᠨᠠᠷᠠᠰᠢᠬᠤ᠎ᠠᠴᠠ ᠰᠡᠷᠭᠡᠶ᠋ᠢᠯᠡᠵᠦ ᠬᠠᠯᠠᠭᠤᠨ᠎ᠢ ᠪᠠᠭᠤᠷᠠᠭᠤᠯᠬᠤ ᠡᠳ᠋ ᠪᠣᠳᠠᠰ᠎ᠢ ᠵᠢᠵᠢᠭᠦᠷᠯᠡᠬᠦ ᠨᠢᠭᠡᠳᠦᠭᠡᠷ ᠹᠷᠣᠨᠲ᠎ᠲᠤ ᠵᠠᠯᠭ᠋ᠠᠭ᠎ᠠ᠎ᠪᠠᠷ ᠬᠦᠷᠭᠡᠪᠡ; ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠦᠷ᠎ᠡ ᠬᠡᠤᠬᠡᠳ᠎ᠢ ᠬᠠᠷᠠᠵᠤ  ᠠᠰᠠᠷᠠᠬᠤ ᠬᠦᠴᠢᠷ ᠠᠰᠠᠭᠤᠳᠠᠯ᠎ᠳᠤ ᠴᠢᠭᠯᠡᠭᠦᠯᠦᠨ᠂ ᠣᠯᠠᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠴᠠᠭᠳᠠᠭ᠋ᠠᠨ᠎ᠤ ᠬᠡᠦᠬᠡᠳ᠎ᠢ ᠨᠠᠶ᠋ᠢᠳᠠᠨ ᠠᠰᠠᠷᠠᠬᠤ ᠠᠩᠭᠢ》 ᠡᠷᠬᠢᠯᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠵᠣᠪᠠᠨᠢᠯ᠎ᠢ ᠠᠷᠢᠯᠭ᠋ᠠᠪᠠ; ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ᠂ ᠰᠡᠳᠬᠢᠴᠡ ᠵᠢᠨ ᠵᠢᠯᠣᠭᠤᠳᠤᠯᠭ᠎ᠠ ᠵᠢᠨ ᠦᠢ᠍ᠯᠡᠴᠢᠯᠡᠭᠡ ᠵᠢ ᠪᠠᠶ᠋ᠢᠩᠭᠤ ᠥᠷᠨᠢᠭᠦᠯᠵᠦ᠂ ᠤᠷᠲᠤ ᠬᠤᠭᠤᠴᠠᠭ᠎ᠠ᠎ᠪᠠᠷ ᠠᠵᠢᠯᠯᠠᠵᠤ ᠪᠠᠶ᠋ᠢᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠪᠠ᠃

 

 

      ᠣᠶ᠋ᠢᠯᠠᠭ᠋ᠠᠭᠰᠠᠨ ᠵᠶ᠋ᠠᠷ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠤᠯᠤᠰ ᠲᠥᠷᠥ ᠵᠢᠨ ᠠᠵᠢᠯ᠎ᠤᠨ ᠠᠵᠢᠯᠯᠠᠭ᠎ᠠ ᠵᠢᠨ ᠲᠥᠯᠥᠪᠯᠡᠭᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠪᠠᠰᠠ ᠴᠠᠭᠳᠠᠭ᠎ᠠ ᠵᠢ ᠬᠠᠶ᠋ᠢᠷᠠᠯᠠᠵᠤ ᠴᠠᠭᠳᠠᠭ᠎ᠠ ᠵᠢ ᠬᠠᠯᠠᠮᠵᠢᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠬᠠᠪᠤᠷ᠎ᠤᠨ ᠤᠯᠠᠷᠢᠯ ᠡᠷᠡᠭᠦᠯ ᠮᠡᠨᠳᠦ ᠭᠦᠷᠭᠡᠬᠦ》 ᠡᠮᠴᠢᠯᠡᠭᠡᠨ᠎ᠦ ᠪᠠᠲᠣᠯᠠᠭ᠎ᠠ᠂ 《 ᠵᠤᠨ᠎ᠤ ᠤᠯᠠᠷᠢᠯ ᠰᠡᠷᠢᠭᠦᠴᠡᠬᠦ ᠪᠤᠳᠠᠰ ᠬᠦᠷᠭᠡᠬᠦ》 ᠬᠠᠯᠠᠭᠣᠨ᠎ᠠᠴᠠ ᠰᠡᠷᠭᠡᠢ᠌ᠯᠡᠬᠦ ᠬᠠᠯᠠᠮᠵᠢᠯᠠᠯ᠂ 《ᠨᠠᠮᠤᠷ᠎ᠤᠨ ᠤᠯᠠᠷᠢᠯ ᠢᠷᠠᠭᠤ ᠠᠯᠳᠠᠷ ᠬᠦᠷᠭᠡᠬᠦ》 ᠱᠠᠩᠨᠠᠯ᠎ᠤᠨ ᠵᠣᠷᠢᠭᠵᠢᠭᠤᠯᠤᠯ᠂ 《 ᠡᠪᠦᠯ᠎ᠦᠨ ᠤᠯᠠᠷᠢᠯ ᠬᠠᠢ᠌ᠷ᠎ᠠ ᠬᠠᠯᠠᠮᠵᠢ ᠬᠦᠷᠭᠡᠬᠦ》 ᠠᠮᠢᠳᠤᠷᠠᠯ᠎ᠤᠨ ᠬᠠᠪᠰᠤᠷᠤᠨ ᠲᠡᠳᠬᠦᠬᠦ ᠵᠢ ᠡᠳᠦᠷ ᠲᠤᠲᠤᠮ᠎ᠤᠨ ᠠᠵᠢᠯ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠳᠦᠷᠢᠮᠵᠢᠭᠦᠯᠬᠦ᠂ ᠪᠠᠶ᠋ᠢᠩᠭᠤᠵᠢᠭᠤᠯᠬᠤ ᠲᠣᠭᠲᠠᠴᠠ ᠵᠢ ᠪᠣᠶ ᠪᠣᠯᠭ᠋ᠠᠵᠤ᠂ ᠳᠥᠷᠪᠡᠨ ᠤᠯᠠᠷᠢᠯ᠎ᠢ ᠬᠠᠮᠤᠷᠤᠭᠰᠠᠨ᠂ ᠪᠥᠬᠦ ᠵᠢᠯ᠎ᠳᠤ ᠲᠤᠭᠤᠰᠢᠯᠠᠭᠤᠯᠤᠭᠰᠠᠨ ᠪᠣᠰᠤᠭ᠎ᠠ ᠴᠣᠭᠴᠠᠲᠤ ᠬᠠᠯᠠᠮᠵᠢᠯᠠᠨ ᠬᠠᠶ᠋ᠢᠷᠠᠯᠠᠬᠤ ᠰᠢᠰᠲ᠋ᠧᠮ᠎ᠢ ᠪᠠᠶ᠋ᠢᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠦᠨᠡᠨ ᠬᠦ᠌ ᠴᠠᠭᠳᠠᠭ᠎ᠠ ᠨᠠᠷ᠎ᠲᠤ ᠠᠰᠢᠭ ᠬᠦᠷᠲᠡᠭᠡᠬᠦ ᠪᠣᠳᠠᠲᠠᠶ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ ᠮᠡᠷᠭᠡᠵᠢᠯ᠎ᠤᠨ ᠢᠷᠠᠭᠤ ᠠᠯᠳᠠᠷ᠎ᠤᠨ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠪᠠ ᠵᠣᠯ ᠵᠢᠷᠭ᠋ᠠᠯ᠎ᠤᠨ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠂ ᠪᠥᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ᠎ᠤᠨ ᠵᠣᠷᠢᠭ ᠵᠶ᠋ᠠᠷ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠠᠷᠠᠳ ᠲᠦᠮᠡᠨ᠎ᠤ ᠠᠮᠤᠷ ᠲᠣᠭᠲᠠᠭᠤᠨ᠎ᠢ ᠪᠠᠲᠤᠯᠠᠬᠤ ᠡᠯ᠎ᠡ ᠵᠦᠢ᠍ᠯ᠎ᠤᠨ ᠠᠵᠢᠯ᠎ᠳᠤ ᠣᠷᠣᠯᠴᠠᠵᠤ᠂ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠬᠦ᠎ᠪᠠᠷ 《ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠭᠴᠢ ᠠᠷᠠᠳ ᠲᠦᠮᠡᠨ᠎ᠤ ᠲᠥᠯᠥᠭᠡ》 ᠭᠡᠬᠦ ᠲᠥᠪ ᠴᠢᠩᠭ᠎ᠠ ᠠᠮᠠᠯᠠᠯᠲᠠ᠎ᠪᠠᠨ ᠦᠢ᠍ᠯᠡᠳᠦᠯᠭᠡᠵᠢᠭᠦᠯᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠬᠦ᠎ᠳᠤ ᠰᠦᠷ ᠳᠠᠯᠠᠶ᠋ᠢᠴᠠᠲᠠᠢ ᠬᠦᠴᠦᠨ ᠴᠢᠳᠠᠯ ᠵᠶ᠋ᠠᠨ ᠡᠷᠭᠦᠬᠦ ᠵᠢ ᠵᠣᠷᠢᠭᠵᠢᠭᠤᠯᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ