ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠢᠩᠬᠢᠮ ᠰᠢᠭᠦᠯᠲᠡ ᠵᠢ ᠦᠵᠡᠬᠦ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-07-04

      ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠶ᠋ᠢᠷᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ᠎ᠤᠨ ᠬᠤᠷᠢᠶ᠎ᠠ ᠵᠢᠨ 《 ᠵᠢᠷᠭᠤᠭ᠋ᠠᠨ ᠨᠢᠭᠡ 》 ᠵᠢᠨ ᠠᠵᠢᠯᠯᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ 6 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠠᠷᠠᠳ᠎ᠤᠨ ᠰᠢᠭᠦᠬᠦ ᠬᠤᠷᠢᠶ᠎ᠠ᠎ᠳᠤ ᠬᠦᠷᠴᠦ᠂ ᠡᠷᠬᠡ ᠲᠤᠰᠢᠶᠠᠯ ᠵᠶ᠋ᠠᠨ ᠠᠰᠢᠭᠯᠠᠨ ᠶᠠᠯ᠎ᠠ ᠬᠢᠭᠰᠡᠨ ᠬᠡᠷᠡᠭ᠎ᠤᠨ ᠲᠢᠩᠬᠢᠮ᠎ᠤᠨ ᠰᠢᠭᠦᠯᠲᠡ ᠵᠢ ᠰᠤᠯᠠ ᠰᠣᠨᠣᠰᠴᠤ᠂ ᠰᠡᠷᠡᠮᠵᠢᠯᠡᠭᠦᠯᠬᠦ ᠬᠥᠮᠦᠵᠢᠯ ᠭᠥᠷᠳᠡᠪᠡ᠃ 

 

 

      ᠲᠢᠩᠬᠢᠮ᠎ᠤᠨ ᠰᠢᠭᠦᠯᠲᠡ ᠵᠢᠨ ᠶᠠᠪᠤᠴᠠ᠎ᠳᠤ᠂ ᠠᠯᠪᠠᠨ ᠵᠠᠭ᠋ᠠᠯᠳᠤᠯᠭ᠎ᠠ ᠭᠠᠷᠭ᠋ᠠᠭᠴᠢ ᠨᠠᠷᠢᠨ ᠪᠣᠳᠠᠲᠠᠶ ᠭᠡᠷᠡᠴᠢ ᠪᠠᠷᠢᠮᠲᠠ ᠵᠢᠨ ᠦᠵᠡᠭᠦᠯᠦᠯᠭᠡ ᠪᠠ ᠴᠢᠩᠭ᠎ᠠ ᠨᠢᠮᠪᠠᠶ ᠬᠠᠤᠯᠢ ᠴᠠᠭ᠋ᠠᠵᠠ ᠵᠢᠨ ᠵᠦᠢ᠍ᠯ ᠵᠤᠷᠪᠤᠰ ᠵᠶ᠋ᠠᠷ ᠳᠠᠮᠵᠢᠭᠤᠯᠤᠨ᠂ ᠵᠠᠭ᠋ᠠᠯᠳᠤᠭᠳᠠᠭᠴᠢ ᠵᠢᠨ ᠶᠠᠯ᠎ᠠ ᠬᠢᠭᠰᠡᠨ ᠪᠣᠳᠠᠲᠤ ᠶᠠᠪᠤᠳᠠᠯ᠎ᠢ ᠵᠠᠭ᠋ᠠᠯᠳᠤᠪᠠ᠃ ᠲᠢᠩᠬᠢᠮ᠎ᠤᠨ ᠰᠢᠭᠦᠯᠲᠡ ᠵᠢᠨ ᠶᠠᠪᠤᠴᠠ ᠴᠢᠩᠭ᠎ᠠ ᠨᠢᠮᠪᠠᠶ ᠵᠢᠷᠤᠮᠵᠢᠵᠤ᠂ ᠰᠢᠭᠦᠬᠦ ᠲᠢᠩᠬᠢᠮ᠎ᠤᠨ ᠪᠠᠶ᠋ᠢᠴᠠᠭ᠋ᠠᠯᠲᠠ᠎ᠠᠴᠠ ᠭᠡᠷᠡᠴᠢ ᠳᠤᠷᠠᠳᠴᠤ ᠭᠡᠷᠡᠴᠢ ᠭᠠᠷᠭ᠋ᠠᠬᠤ ᠬᠦᠷᠲᠡᠯ᠎ᠡ᠂ ᠳᠠᠬᠢᠨ ᠰᠢᠭᠦᠬᠦ ᠲᠢᠩᠬᠢᠮ᠎ᠤᠨ ᠮᠠᠷᠭᠤᠯᠳᠤᠭ᠋ᠠᠨ ᠬᠦᠷᠲᠡᠯ᠎ᠡ᠂ ᠭᠤᠭᠴᠤᠭ᠎ᠠ ᠪᠣᠯᠭ᠋ᠠᠨ᠎ᠳᠤ ᠴᠥᠮ ᠵᠠᠭ᠋ᠠᠯᠳᠤᠭᠳᠠᠭᠴᠢ ᠵᠢᠨ ᠡᠷᠬᠡ ᠲᠤᠰᠢᠶᠠᠯ ᠵᠶ᠋ᠠᠨ ᠠᠰᠢᠭᠯᠠᠨ ᠬᠠᠤᠯᠢ ᠴᠠᠭ᠋ᠠᠵᠠ ᠵᠢᠨ ᠤᠯᠠᠭ᠋ᠠᠨ ᠱᠤᠭᠤᠮ᠎ᠳᠤ ᠬᠠᠯᠳᠠᠭᠰᠠᠨ ᠶᠠᠪᠤᠴᠠ ᠵᠢ ᠲᠣᠳᠣᠷᠬᠠᠶ ᠦᠵᠡᠭᠦᠯᠪᠡ᠃

      ᠪᠦᠬᠦ ᠨᠠᠮ᠎ᠤᠨ ᠭᠡᠰᠢᠭᠦᠨ ᠺᠠᠳ᠋ᠷ ᠲᠤᠬᠠᠢ᠎ᠶᠢᠨ ᠲᠠᠯᠠᠪᠠᠢ᠎ᠳᠤ ᠦᠵᠡᠬᠦ᠎ᠪᠠᠷ ᠳᠠᠮᠵᠢᠨ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠬᠦᠨᠳᠦ ᠨᠣᠴᠢᠲᠠᠢ ᠦᠷ᠎ᠡ ᠳ᠋ᠦᠩ᠎ᠢ ᠭᠦᠨᠵᠡᠭᠡᠢ ᠲᠠᠨᠢᠵᠤ᠂ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠦᠭᠡᠢ ᠭᠡᠳᠡᠭ᠎ᠢ ᠨᠡᠩ ᠲᠣᠳᠣᠷᠬᠠᠢ ᠣᠢ᠌ᠯᠭ᠋ᠠᠵᠤ᠂ ᠡᠷᠬᠡᠪᠰᠢ ᠴᠠᠭ ᠢᠮᠠᠭᠲᠠ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ ᠰᠡᠳᠬᠢᠯ᠎ᠳᠤ᠎ᠪᠠᠨ ᠡᠮᠢᠶᠡᠯ᠎ᠲᠠᠢ᠂ ᠬᠡᠯᠡᠭᠰᠡᠨ᠎ᠳᠤ᠎ᠪᠠᠨ ᠴᠡᠭᠡᠷ᠎ᠲᠠᠢ᠂ ᠦᠢ᠍ᠯᠡ ᠠᠵᠢᠯᠯᠠᠭ᠎ᠠ᠎ᠳᠤ᠎ᠪᠠᠨ ᠬᠤᠷᠢᠭ᠎ᠠ᠎ᠲᠠᠢ ᠪᠠᠶ᠋ᠢᠵᠤ᠂ ᠠᠵᠢᠯ᠎ᠤᠨ ᠳᠤᠮᠳᠠ᠎ᠪᠠᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠵᠢ ᠡᠷᠡᠰ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠴᠠᠭᠳᠠᠭ᠋ᠠᠨ᠎ᠤ ᠬᠤᠸᠠᠷᠠᠨ᠎ᠤ ᠤᠯᠤᠰ ᠲᠦᠷᠦ ᠵᠢᠨ ᠠᠮᠢ ᠠᠬᠤᠢ ᠵᠢ ᠬᠦᠴᠦᠯᠡᠨ ᠪᠠᠶ᠋ᠢᠭᠤᠯᠬᠤ ᠬᠡᠷᠡᠭᠲᠡᠢ᠃

      ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠤᠰ ᠤᠳᠠᠭ᠎ᠠ ᠵᠢᠨ ᠰᠡᠷᠡᠮᠵᠢᠯᠡᠭᠦᠯᠬᠦ ᠬᠥᠮᠦᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ 《 ᠲᠤᠮᠤ ᠵᠤᠤᠬ᠎ᠠ 》 ᠪᠣᠯᠭ᠋ᠠᠵᠤ᠂ ᠭᠦᠨᠵᠡᠭᠡᠢ ᠰᠤᠷᠤᠯᠴᠠᠵᠤ᠂ ᠨᠠᠷᠢᠨ ᠪᠠᠶ᠋ᠢᠴᠠᠭ᠋ᠠᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠠᠷ ᠪᠦᠬᠦ ᠴᠠᠭᠳᠠᠭ᠎ᠠ᠎ᠶᠢᠨ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠬᠢᠵᠢᠭᠦᠯᠵᠦ᠂ ᠲᠤᠰ ᠪᠡᠶ᠎ᠡ ᠵᠢᠨ ᠦᠯᠦ ᠬᠠᠯᠳᠠᠭ᠋ᠠᠬᠤ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠢᠭᠤᠨ ᠴᠢᠬᠡᠴᠢ ᠤᠯᠤᠰ ᠲᠦᠷᠦ ᠵᠢᠨ ᠤᠤᠷ ᠴᠢᠨᠠᠷ᠎ᠢ ᠡᠭᠦᠷᠢᠳᠡ ᠬᠠᠳᠠᠭ᠋ᠠᠯᠠᠬᠤ᠎ᠶᠢ ᠬᠥᠮᠥᠵᠢᠭᠥᠯᠥᠨ ᠵᠢᠯᠣᠭᠣᠳᠤᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ