ᠲᠡᠷᠢᠭᠦᠨ ᠬᠠᠭᠤᠳᠠᠰᠤ   -   ᠦᠨᠦᠳᠦᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠴᠠᠭᠳᠠᠭ᠎ᠠ ᠵᠢᠨ ᠳᠡᠭᠡᠳᠦ ᠰᠤᠷᠭ᠋ᠠᠭᠤᠯᠢ ᠴᠢᠨᠠᠷ ᠰᠠᠶ᠋ᠢᠲᠠᠶ ᠬᠥᠭᠵᠢᠯᠲᠡ ᠵᠢᠨ ᠰᠤᠳᠤᠯᠤᠨ ᠶᠠᠷᠢᠯᠴᠠᠬᠤ ᠬᠤᠷᠠᠯ ᠬᠢᠪᠠ
ᠨᠡᠶ᠋ᠢᠲᠡᠯᠡᠭᠰᠡᠨ ᠴᠠᠭ᠄ 2025-07-07

      6 ᠰᠠᠷ᠎ᠠ ᠵᠢᠨ 26᠎ᠤ ᠡᠳᠦᠷ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠬᠤᠷᠢᠨᠭᠡᠷ ᠰᠤᠷᠭ᠋ᠠᠭᠤᠯᠢ ᠵᠢᠨ ᠲᠣᠭᠤᠷᠢᠭ᠎ᠲᠤ ᠴᠢᠨᠠᠷ ᠰᠠᠶ᠋ᠢᠲᠠᠢ ᠬᠥᠭᠵᠢᠯᠲᠡ ᠵᠢᠨ ᠰᠤᠳᠤᠯᠤᠨ ᠶᠠᠷᠢᠯᠴᠠᠬᠤ ᠬᠤᠷᠠᠯ᠎ᠤᠨ ᠰᠢᠷᠢᠰ ᠠᠵᠢᠯᠯᠠᠭ᠎ᠠ ᠥᠷᠨᠢᠭᠦᠯᠪᠡ᠃

 

 

      ᠠᠵᠢᠯᠯᠠᠭ᠎ᠠ ᠵᠢᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠣᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠢᠶᠠᠨ᠎ᠤ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠠᠮᠲᠤ᠎ᠪᠠᠷ 《ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ》 ᠵᠢᠨ ᠫᠠᠶ᠋ᠢᠰᠠ ᠵᠢ ᠰᠡᠬᠦᠪᠡ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠪᠠᠶ᠋ᠢᠩᠭᠤ ᠵᠢᠨ ᠲᠢᠩᠬᠢᠮ᠎ᠤᠨ ᠳᠡᠳ᠋ ᠳᠠᠷᠤᠭ᠎ᠠ ᠯᠢᠦ ᠬᠤᠩ ᠠᠵᠢᠯᠯᠠᠭ᠎ᠠ ᠵᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠸᠧᠶ 《ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠬᠦ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠵᠠᠬᠢᠳᠠᠯ》᠎ᠢ ᠤᠩᠰᠢᠨ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠸᠠᠩ ᠪᠢᠨ 《ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠢ ᠤᠩᠰᠢᠨ ᠨᠡᠶ᠋ᠢᠲᠡᠯᠡᠪᠡ᠃

 

 

      ᠵᠧᠩ ᠭᠤᠸᠠᠩ ᠵᠣᠣ᠎ᠡᠴᠡ᠂ ᠴᠠᠭᠳᠠᠭ᠋ᠠᠨ᠎ᠤ ᠳᠡᠭᠡᠳᠦ ᠰᠤᠷᠭ᠋ᠠᠭᠤᠯᠢ 《 ᠵᠢᠩᠬᠢᠨᠢ ᠠᠩᠭᠢ》᠎ ᠳᠡᠪᠰᠢᠭᠰᠡᠨ ᠶᠠᠪᠤᠳᠠᠯ ᠪᠣᠯ ᠠᠮᠵᠢᠯᠲᠠ ᠮᠥᠷᠲᠡᠭᠡᠨ ᠪᠠᠰᠠ ᠠᠵᠠ ᠲᠣᠬᠢᠶᠠᠯ᠂ ᠨᠠᠩ ᠴᠤ᠌ ᠬᠠᠷᠢᠭᠤᠴᠠᠯᠭ᠎ᠠ ᠮᠥᠨ᠃ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ ᠲᠦᠷᠦ᠎ᠪᠠᠷ ᠰᠤᠷᠭ᠋ᠠᠭᠤᠯᠢ ᠪᠠᠶ᠋ᠢᠭᠤᠯᠬᠤ ᠴᠢᠭᠯᠡᠯᠲᠡ ᠵᠢ ᠥᠴᠦᠬᠡᠨ ᠴᠦ᠍ ᠭᠤᠶ᠋ᠢᠪᠢᠰᠢ ᠦᠭᠡᠢ ᠪᠠᠷᠢᠮᠲᠠᠯᠠᠵᠤ᠂ 《ᠦᠨᠡᠨᠴᠢ ᠰᠢᠳᠤᠷᠭᠤ ᠰᠤᠷᠭ᠋ᠠᠨ ᠬᠥᠮᠦᠵᠢᠯ》᠎ᠢ ᠰᠤᠷᠭ᠋ᠠᠭᠤᠯᠢ ᠵᠢ ᠵᠠᠰᠠᠵᠤ ᠰᠤᠷᠭ᠋ᠠᠭᠤᠯᠢ ᠡᠷᠬᠢᠯᠡᠬᠦ ᠪᠦᠬᠦ ᠶᠠᠪᠤᠴᠠ᠎ᠳᠤ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠬᠥᠮᠦᠵᠢᠯ᠎ᠢ ᠴᠢᠩᠭ᠋ᠠᠳᠬᠠᠵᠤ᠂ ᠨᠠᠮ᠎ᠤᠨ ᠵᠢᠯᠤᠭᠤᠳᠤᠯᠭ᠎ᠠ ᠵᠢ ᠳᠠᠭ᠋ᠠᠬᠤ᠂ ᠡᠭᠦᠷᠭᠡ ᠬᠠᠷᠢᠭᠤᠴᠠᠯᠭ᠎ᠠ᠎ᠳᠦ᠎ᠪᠠᠨ ᠦᠨᠡᠨᠴᠢ ᠰᠢᠳᠤᠷᠭᠤ ᠪᠠᠶ᠋ᠢᠬᠤ ᠦᠵᠡᠯ ᠰᠠᠨᠠᠭ᠋ᠠᠨ᠎ᠤ ᠰᠠᠭᠤᠷᠢ ᠵᠢ ᠦᠨᠡᠨ ᠬᠦ᠌ ᠪᠠᠲᠤ ᠲᠠᠯᠪᠢᠬᠤ ᠬᠡᠷᠡᠭᠲᠡᠢ᠃ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ ᠵᠠᠷᠴᠢᠮ᠎ᠢ ᠪᠠᠷᠢᠮᠲᠠᠯᠠᠵᠤ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠦᠵᠢᠭᠦᠯᠬᠦ ᠵᠢ ᠢᠮᠠᠭᠲᠠ ᠪᠠᠷᠢᠮᠲᠠᠯᠠᠵᠤ᠂ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠬᠥᠮᠦᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠠᠭᠤᠯᠤᠭᠳᠠᠬᠤᠨ ᠮᠠᠶᠢᠭ᠎ᠤᠨ ᠬᠥᠭᠵᠢᠯᠲᠡ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠱᠠᠭ᠋ᠠᠷᠳᠠᠯᠭ᠎ᠠ᠎ᠳᠤ ᠵᠣᠬᠢᠴᠠᠭᠰᠠᠨ ᠤᠮᠠᠷᠠᠲᠤ ᠵᠢᠨ ᠦᠨᠡᠨᠴᠢ ᠰᠢᠳᠤᠷᠭᠤ ᠬᠠᠮᠠᠭ᠋ᠠᠯᠠᠭᠴᠢ ᠵᠢ ᠨᠡᠩ ᠤᠯᠠᠨ ᠬᠥᠮᠦᠵᠢᠭᠦᠯᠬᠦ᠎ᠪᠠᠷ ᠴᠢᠷᠮᠠᠶ᠋ᠢᠬᠤ ᠬᠡᠷᠡᠭᠲᠡᠢ᠃ ᠦᠢ᠍ᠯᠡᠴᠢᠯᠡᠭᠡᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠳᠣᠲᠣᠭ᠋ᠠᠳᠤ ᠵᠢ ᠬᠠᠮᠠᠭ᠋ᠠᠯᠠᠬᠤ ᠰᠤᠷᠭ᠋ᠠᠨ ᠬᠥᠮᠦᠵᠢᠯ᠎ᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠲᠠᠢ ᠨᠢᠭᠲᠠ ᠤᠶᠠᠯᠳᠤᠭᠤᠯᠵᠤ᠂ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠂ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢᠨ 《ᠬᠤᠶᠠᠷ᠎ᠢ ᠳᠡᠭᠡᠭᠰᠢᠯᠡᠭᠦᠯᠬᠦ》 ᠵᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠳ᠋ᠦ᠋ ᠬᠤᠢ ᠯᠢᠶᠠᠩ᠎ᠠᠴᠠ᠂ ᠣᠳᠣᠬᠠᠨ᠎ᠳᠤ ᠮᠠᠨ᠎ᠤ ᠣᠷᠣᠨ ᠶᠠᠭ 《ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ  ᠣᠷᠣᠬᠤ》 ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠵᠢᠨ ᠬᠠᠷᠠᠯᠲᠠ ᠮᠠᠰᠢ ᠲᠣᠳᠣᠷᠬᠠᠶ᠂ ᠴᠢᠨᠠᠷ ᠰᠠᠶ᠋ᠢᠲᠠᠶ ᠬᠥᠭᠵᠢᠯᠲᠡ ᠵᠢᠨ ᠬᠥᠳᠡᠯᠭᠡᠬᠦ ᠬᠦᠴᠦᠨ ᠬᠦᠴᠦᠷᠬᠡᠭ ᠶᠡᠭᠡ ᠪᠠᠶ᠋ᠢᠨ᠎ᠠ᠃ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ᠎ᠨᠤᠭᠤᠳ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠰᠠᠭᠤᠷᠢᠯᠠᠨ᠂ ᠳᠣᠲᠣᠭ᠋ᠠᠳᠤ ᠵᠢ ᠬᠠᠮᠠᠭ᠋ᠠᠯᠠᠬᠤ ᠣᠨᠴᠠᠯᠢᠭ᠎ᠢ ᠳᠣᠪᠤᠶ᠋ᠢᠯᠭ᠋ᠠᠵᠤ᠂ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠨ᠂ ᠳᠡᠭᠡᠳᠦ ᠰᠤᠷᠭ᠋ᠠᠭᠤᠯᠢ ᠵᠢᠨ ᠠᠩᠬ᠎ᠠ ᠡᠭᠦᠳᠦᠨ ᠪᠠᠶ᠋ᠢᠭᠤᠯᠤᠭᠰᠠᠨ ᠣᠨ᠎ᠤ ᠭᠤᠤᠯᠳᠠᠯᠭ᠎ᠠ᠎ᠲᠠᠢ ᠠᠵᠢᠯ᠎ᠢ ᠬᠢᠨᠠᠮᠠᠭ᠋ᠠᠶ ᠰᠠᠶ᠋ᠢᠲᠤᠷ ᠠᠳᠬᠤᠵᠤ᠂ ᠥᠨᠳᠥᠷ ᠡᠬᠢᠯᠡᠯᠲᠡ᠎ᠲᠠᠢ᠂ ᠥᠨᠳᠥᠷ ᠪᠠᠷᠢᠮᠵᠢᠶ᠎ᠠ᠎ᠪᠠᠷ ᠣᠷᠳᠣ ᠬᠤᠭᠤᠴᠠᠭ᠋ᠠᠨ᠎ᠤ ᠬᠠᠷᠠᠯᠲᠠ ᠪᠠ ᠡᠭᠦᠷᠭᠡ ᠠᠷᠭ᠎ᠠ ᠬᠡᠮᠵᠢᠶ᠎ᠡ ᠵᠢ ᠰᠦᠪᠡᠭᠴᠢᠯᠡᠵᠦ᠂ ᠣᠨᠴᠠᠯᠢᠭ ᠵᠶ᠋ᠠᠷ ᠢᠯᠡ ᠲᠣᠳᠣ᠂ ᠣᠷᠣᠨ ᠪᠦᠰᠡ᠎ᠪᠠᠷ ᠲᠡᠷᠢᠭᠦᠨ ᠵᠡᠷᠭᠡ ᠵᠢᠨ ᠬᠡᠷᠡᠭᠯᠡᠭᠡᠨ᠎ᠤ ᠬᠡᠯᠪᠡᠷᠢ ᠵᠢᠨ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ ᠪᠣᠯᠭ᠋ᠠᠨ ᠲᠦᠷᠭᠡᠳᠬᠡᠨ ᠪᠠᠶ᠋ᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

      ᠲᠣᠰ ᠡᠳᠦᠷ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠴᠢᠨᠠᠷ ᠰᠠᠶ᠋ᠢᠲᠠᠶ ᠬᠥᠭᠵᠢᠯᠲᠡ ᠵᠢᠨ ᠰᠤᠳᠤᠯᠤᠨ ᠶᠠᠷᠢᠯᠴᠠᠬᠤ ᠬᠤᠷᠠᠯ᠂ ᠬᠢᠯᠢ ᠬᠢᠵᠠᠭ᠋ᠠᠷ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ᠂ 《ᠭᠤᠷᠪᠠᠨ ᠰᠠᠭᠤᠷᠢᠨ》᠎ᠤ ᠫᠠᠶ᠋ᠢᠰᠠ ᠰᠡᠬᠦᠬᠦ ᠪᠠ 《ᠬᠤᠶᠠᠷ ᠬᠠᠮᠲᠤᠷᠠᠭᠰᠠᠨ ᠲᠤᠷᠰᠢᠯᠲᠠ ᠵᠢᠨ ᠲᠠᠰᠤᠭ》᠎ᠢ ᠪᠠᠶ᠋ᠢᠭᠤᠯᠬᠤ ᠵᠡᠷᠭᠡ ᠰᠢᠷᠢᠰ ᠠᠵᠢᠯᠯᠠᠭ᠎ᠠ ᠵᠢ ᠵᠡᠷᠭᠡᠪᠡᠷ ᠥᠷᠨᠢᠭᠦᠯᠪᠡ᠃

 

 

      ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠡᠪᠯᠡᠯ᠎ᠤᠨ ᠬᠤᠷᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠯ᠎ᠡ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ ᠵᠢᠴᠢ ᠡᠯ᠎ᠡ ᠠᠶ᠋ᠢᠮᠠᠭ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ᠂ ᠥᠪᠥᠷ ᠮᠣᠩᠭᠤᠯ᠎ᠤᠨ ᠴᠠᠭᠳᠠᠭ᠋ᠠᠨ᠎ᠤ ᠳᠡᠭᠡᠳᠦ ᠰᠤᠷᠭ᠋ᠠᠭᠤᠯᠢ ᠵᠢᠨ ᠨᠠᠮ᠎ᠤᠨ ᠬᠤᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠰᠤᠷᠭ᠋ᠠᠭᠤᠯᠢ ᠵᠢᠨ ᠨᠠᠶ᠋ᠢᠵᠠ ᠨᠠᠷ ᠵᠢᠴᠢ ᠪᠠᠭᠰᠢ ᠰᠤᠷᠤᠭᠴᠢᠳ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠵᠠᠶ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ