8 ᠰᠠᠷ᠎ᠠ ᠵᠢᠨ 18᠎ᠤ ᠡᠳᠦᠷ᠎ᠠᠴᠠ 22᠎ᠤᠨ ᠡᠳᠦᠷ ᠪᠣᠯᠲᠠᠯ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠂ ᠲᠢᠩᠬᠢᠮ᠎ᠤᠨ ᠪᠠᠶ᠋ᠢᠭᠤᠯᠭ᠎ᠠ ᠵᠢᠨ ᠺᠠᠳ᠋ᠷ᠎ᠤᠨ ᠤᠯᠤᠰ ᠲᠥᠷᠥ ᠵᠢᠨ ᠬᠡᠪ ᠪᠣᠯᠪᠠᠰᠤᠷᠠᠯ ᠪᠠ ᠣᠨᠣᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠭᠠᠵᠠᠷ᠎ᠤᠨ ᠲᠠᠰ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠰᠤᠷᠤᠯᠴᠠᠨ ᠲᠤᠭᠤᠰᠢᠯᠠᠭᠤᠯᠬᠤ ᠤᠯᠤᠰ ᠲᠥᠷᠥ ᠵᠢᠨ ᠪᠣᠯᠪᠠᠰᠤᠷᠠᠯ᠎ᠤᠨ ᠠᠩᠭᠢ ᠵᠢ ᠥᠪᠥᠷ ᠮᠣᠩᠭᠤᠯ᠎ᠤᠨ ᠳᠡᠭᠡᠳᠦ ᠰᠤᠷᠭ᠋ᠠᠭᠤᠯᠢ᠎ᠳᠤ ᠡᠷᠭᠢᠯᠡᠵᠦ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠎ᠤᠨ 48 ᠭᠠᠵᠠᠷ᠎ᠤᠨ ᠲᠠᠰ᠎ᠤᠨ ᠺᠠᠳ᠋ᠷ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠪᠠ᠃

ᠲᠣᠰ ᠤᠳᠠᠭ᠋ᠠᠨ᠎ᠤ ᠳᠤ ᠳᠤᠮᠳᠠᠳᠤ ᠤᠯᠤᠰ᠎ᠤᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠨᠠᠮ᠎ᠤᠨ ᠰᠤᠷᠭ᠋ᠠᠭᠤᠯᠢ᠂ ᠥᠪᠥᠷ ᠮᠣᠩᠭᠤᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠵᠢᠨ ᠲᠤᠰᠬᠠᠶ ᠮᠡᠷᠭᠡᠵᠢᠯᠲᠡᠨ ᠫᠷᠤᠹᠧᠰᠰᠤᠷ᠎ᠢ ᠤᠷᠢᠵᠤ᠂ ᠣᠯᠠᠨ ᠴᠢᠬᠤᠯᠠ ᠭᠤᠤᠯ ᠰᠡᠳᠦᠪ᠎ᠤᠨ ᠲᠣᠭᠤᠷᠢᠨ᠎ᠳᠤ ᠲᠤᠰᠬᠠᠶ ᠰᠡᠳᠦᠪ ᠵᠶ᠋ᠠᠷ ᠬᠢᠴᠢᠶᠡᠯᠯᠡᠭᠦᠯᠪᠡ᠃ ᠠᠭᠤᠯᠭ᠎ᠠ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠡᠷᠭᠡ ᠵᠢ ᠬᠠᠮᠤᠷᠴᠠᠢ᠃ ᠲᠤᠰᠬᠠᠶ ᠮᠡᠷᠭᠡᠵᠢᠯᠲᠡᠨ ᠫᠷᠤᠹᠧᠰᠰᠤᠷ ᠣᠳᠣᠬᠠᠨ᠎ᠤ ᠴᠠᠭ ᠦᠶ᠎ᠡ ᠵᠢᠨ ᠬᠥᠭᠵᠢᠯᠲᠡ ᠵᠢᠨ ᠰᠢᠨ᠎ᠡ ᠬᠠᠨᠳᠤᠰᠢ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠤᠨᠤᠯ᠎ᠤᠨ ᠮᠡᠳᠡᠯᠭᠡ ᠵᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠲᠠᠶ᠋ᠢᠯᠪᠤᠷᠢᠯᠠᠵᠤ᠂ ᠰᠤᠷᠤᠭᠴᠢᠳ᠎ᠲᠤ ᠨᠢᠭᠡ ᠤᠳᠠᠭ᠋ᠠᠨ᠎ᠤ ᠮᠡᠳᠡᠯᠭᠡ ᠵᠢᠨ ᠠᠪᠴᠢᠷᠠᠭᠰᠠᠨ ᠪᠠᠶ᠋ᠢᠨ᠎ᠠ᠃
ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠰᠤᠷᠤᠭᠴᠢᠳ ᠦᠵᠡᠯ ᠰᠠᠨᠠᠭ᠋ᠠᠨ᠎ᠤ ᠮᠥᠷᠭᠦᠯᠳᠦᠯ ᠳᠤᠮᠳᠠ ᠠᠵᠢᠯ᠎ᠤᠨ ᠰᠡᠳᠬᠢᠴᠡ᠎ᠪᠠᠨ ᠥᠷᠭᠡᠳᠬᠡᠵᠦ᠂ ᠠᠰᠠᠭᠤᠳᠠᠯ᠎ᠢ ᠠᠷᠭ᠋ᠠᠴᠠᠬᠤ ᠴᠢᠳᠠᠪᠤᠷᠢ᠎ᠪᠠᠨ ᠴᠢᠩᠭ᠋ᠠᠷᠠᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢ᠍ᠴᠡᠳᠬᠡᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠪᠠᠲᠤ ᠪᠠᠬᠢ ᠣᠨᠣᠯ᠎ᠤᠨ ᠰᠠᠭᠤᠷᠢ ᠵᠢ ᠲᠠᠯᠪᠢᠵᠤ ᠥᠭᠴᠡᠶ᠃ ᠰᠤᠷᠤᠭᠴᠢᠳ᠂ ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠰᠢᠨ᠎ᠡ ᠡᠬᠢᠯᠡᠯᠲᠡ ᠪᠣᠯᠭ᠋ᠠᠵᠤ᠂ ᠨᠠᠩ ᠡᠷᠡᠰ ᠪᠠᠲᠤ ᠤᠯᠤᠰ ᠲᠥᠷᠥ ᠵᠢᠨ ᠢᠲᠡᠭᠡᠯ ᠵᠣᠷᠢᠭ᠂ ᠨᠠᠩ ᠣᠷᠭᠢᠯᠤᠮ᠎ᠠ ᠬᠠᠯᠠᠭᠤᠨ ᠠᠵᠢᠯ᠎ᠤᠨ ᠰᠡᠳᠬᠢᠯᠭᠡ᠂ ᠨᠠᠩ ᠯᠠᠪᠳᠠᠭᠤᠨ ᠪᠠᠲᠤᠲᠠᠶ ᠠᠵᠢᠯ᠎ᠤᠨ ᠰᠤᠷᠲᠠᠯ ᠵᠶ᠋ᠠᠷ ᠤᠯᠤᠰ᠎ᠤᠨ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ ᠪᠠ ᠠᠷᠠᠳ ᠲᠦᠮᠡᠨ᠎ᠤ ᠠᠮᠤᠷ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠳᠤ ᠣᠷᠣᠯᠴᠠᠵᠤ᠂ ᠨᠠᠩ ᠥᠨᠳᠥᠷ ᠲᠦᠪᠰᠢᠨ ᠪᠥᠬᠦᠶ ᠥᠪᠥᠷ ᠮᠣᠩᠭᠤᠯ᠂ ᠬᠠᠤᠯᠢᠵᠢᠯ᠎ᠤᠨ ᠥᠪᠥᠷ ᠮᠣᠩᠭᠤᠯ᠎ᠢ ᠪᠥᠲᠥᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠦᠷᠭᠦᠯᠵᠢᠯᠡᠨ ᠤᠯᠤᠰ ᠲᠥᠷᠥ ᠵᠢᠨ ᠲᠠᠯ᠎ᠠ᠎ᠪᠠᠷ ᠦᠨᠡᠨᠴᠢ ᠰᠢᠳᠤᠷᠭᠤ ᠪᠠᠶ᠋ᠢᠬᠤ ᠬᠥᠮᠦᠵᠢᠯ᠂ ᠲᠦᠷᠦ ᠵᠢᠨ ᠪᠤᠳᠤᠯᠭ᠎ᠠ ᠵᠢᠨ ᠤᠨᠤᠯ᠎ᠤᠨ ᠲᠠᠶ᠋ᠢᠯᠤᠮᠵᠢ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠋ᠠᠳᠬᠠᠬᠤ ᠵᠢᠴᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠤᠯᠤᠰ ᠲᠦᠷᠦ ᠵᠢᠨ ᠥᠷᠨᠢᠭᠦᠯᠵᠦ᠂ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠴᠠᠭᠳᠠᠭ᠎ᠠ ᠵᠢᠨ ᠦᠵᠡᠯ ᠰᠠᠨᠠᠭ᠋ᠠᠨ᠎ᠤ ᠰᠠᠭᠤᠷᠢ᠎ᠪᠠᠨ ᠪᠠᠬᠢᠵᠢᠭᠦᠯᠵᠦ᠂ ᠠᠵᠢᠯ᠎ᠤᠨ ᠴᠢᠭᠯᠡᠯ ᠵᠶ᠋ᠠᠨ ᠲᠣᠳᠣᠷᠬᠠᠢ ᠪᠣᠯᠭ᠋ᠠᠬᠤ ᠵᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠴᠤ᠂ ᠤᠯᠤᠰ ᠲᠦᠷᠦ ᠵᠢᠨ ᠦᠷ᠎ᠡ ᠪᠦᠲᠦᠮᠵᠢ᠎ᠪᠠᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠦᠴᠢᠷ ᠠᠰᠠᠭᠤᠳᠠᠯ᠎ᠢ ᠂ ᠬᠠᠤᠯᠢ ᠬᠡᠷᠡᠭᠵᠢᠭᠦᠯᠬᠦ ᠦᠢ᠍ᠯᠡᠴᠢᠯᠡᠭᠡᠨ᠎ᠤ ᠲᠦᠪᠰᠢᠨ ᠵᠶ᠋ᠠᠨ ᠳᠡᠭᠡᠭᠰᠢᠯᠡᠭᠦᠯᠬᠦ ᠪᠣᠳᠠᠲᠠᠢ ᠦᠢ᠍ᠯᠡᠳᠦᠯᠭᠡ ᠦᠨᠡᠨ ᠬᠦ᠌ ᠬᠤᠪᠢᠷᠠᠭᠤᠯᠵᠤ᠂ ᠺᠠᠳ᠋ᠷ᠎ᠤᠨ ᠡᠩᠨᠡᠭᠡᠨ᠎ᠤ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠺᠠᠳ᠋ᠷ᠎ᠤᠨ ᠡᠩᠨᠡᠭᠡ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠨ᠎ᠡ ᠴᠢᠨᠠᠷ ᠲᠠᠶ᠋ᠢᠴᠢᠨ ᠬᠦᠴᠦᠨ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃