ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢ ᠦᠨᠳᠦᠰᠦᠯᠡᠨ᠂ 9 ᠳ᠋ᠦ᠍ᠭᠡᠷ ᠰᠠᠷ᠎ᠠ ᠵᠢᠨ 10᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠥᠷᠪᠡᠳᠦᠭᠡᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶᠠᠨ ᠲᠣᠭᠤᠷᠢᠨ ᠪᠠᠶ᠋ᠢᠴᠠᠭ᠋ᠠᠬᠤ ᠳᠠᠶ᠋ᠢᠴᠢᠯᠠᠯᠲᠠ ᠵᠢᠨ ᠬᠤᠷᠠᠯ ᠃ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠸᠠᠩ ᠶᠠᠨ ᠴᠦᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠣᠪᠣᠷ ᠵᠶ᠋ᠠᠨ ᠢᠯᠡᠳᠬᠡᠬᠦ ᠦᠭᠡ ᠬᠡᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠲᠢᠩᠬᠢᠮ᠎ᠤᠨ ᠳᠠᠷᠤᠭ᠎ᠠ ᠯᠢᠦ ᠬᠤᠩ ᠬᠤᠷᠠᠯ᠎ᠢ ᠡᠷᠬᠢᠯᠡᠪᠡ᠃
ᠸᠠᠩ ᠶᠠᠨ ᠴᠦᠨ᠂ ᠲᠣᠭᠤᠷᠢᠨ ᠪᠠᠶ᠋ᠢᠴᠠᠭ᠋ᠠᠬᠤ ᠪᠣᠯ ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠦᠷᠢᠮ᠎ᠤᠨ ᠲᠣᠬᠢᠷᠠᠭᠤᠯᠤᠯᠲᠠ ᠮᠥᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠰ ᠡᠭᠡᠯᠵᠢ ᠵᠢᠨ ᠲᠣᠭᠤᠷᠢᠨ ᠪᠠᠶ᠋ᠢᠴᠠᠭ᠋ᠠᠯᠲᠠ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠷ ᠬᠢᠨᠠᠯᠲᠠ ᠵᠢ ᠬᠦᠯᠢᠶᠡᠵᠦ᠂ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ᠎ᠢ ᠢᠳᠡᠪᠬᠢᠲᠡᠶ ᠳᠡᠮᠵᠢᠨ ᠬᠠᠮᠵᠢᠯᠴᠠᠬᠤ ᠬᠡᠷᠡᠭᠲᠡᠶ ᠃
ᠸᠠᠩ ᠶᠠᠨ ᠴᠦᠨ᠂ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠬᠤ ᠪᠠᠶ᠋ᠢᠷᠢ ᠲᠣᠭᠲᠠᠭ᠋ᠠᠯᠲᠠ ᠵᠢ ᠲᠤᠪᠤᠶ᠋ᠢᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠢᠴᠢ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠬᠦᠨᠳᠦ ᠶᠡᠭᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠪᠠᠭ᠎ᠤᠨ ᠡᠩᠨᠡᠭᠡᠨ᠎ᠤ ᠪᠠᠶ᠋ᠢᠭᠤᠯᠤᠯᠲᠠ ᠵᠡᠷᠭᠡ ᠪᠠᠶ᠋ᠢᠳᠠᠯ᠎ᠢ ᠭᠦᠨᠵᠡᠭᠡᠢ ᠣᠶ᠋ᠢᠯᠠᠭ᠋ᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ ᠲᠣᠭᠤᠷᠢᠨ ᠪᠠᠶ᠋ᠢᠴᠠᠭ᠋ᠠᠯᠲᠠ ᠵᠢ ᠬᠦᠯᠢᠶᠡᠬᠦ᠎ᠪᠠᠷ ᠠᠵᠠ ᠲᠣᠬᠢᠶᠠᠯ ᠪᠣᠯᠭ᠋ᠠᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ᠎ᠢ ᠂ ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠃
ᠵᠧᠩ ᠭᠤᠸᠠᠩ ᠵᠤᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶ᠎ᠠ᠎ᠳᠤ ᠲᠣᠭᠤᠷᠢᠨ ᠪᠠᠶ᠋ᠢᠴᠠᠭ᠋ᠠᠯᠲᠠ ᠥᠷᠨᠢᠭᠦᠯᠬᠦ ᠪᠣᠯ ᠲᠢᠩᠬᠢᠮ᠎ᠤᠨ ᠨᠠᠮ᠎ᠤᠨ ᠬᠤᠷᠢᠶ᠎ᠠ ᠵᠢᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠨᠢᠭᠡ ᠤᠳᠠᠭ᠋ᠠᠨ᠎ᠤ ᠪᠥᠬᠦ ᠲᠠᠯ᠎ᠠ ᠵᠢᠨ 《ᠤᠯᠤᠰ ᠲᠥᠷᠥ ᠵᠢᠨ ᠪᠡᠶ᠎ᠡ ᠵᠢᠨ ᠪᠠᠶ᠋ᠢᠴᠠᠭ᠋ᠠᠯᠲᠠ》 ᠮᠥᠨ᠂ ᠲᠢᠩᠬᠢᠮ᠎ᠤᠨ ᠨᠠᠮ᠎ᠤᠨ ᠬᠤᠷᠢᠶ᠎ᠠ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠬᠥᠭᠵᠢᠯᠲᠡ ᠵᠢ ᠳᠥᠯᠭᠢᠨ ᠠᠬᠢᠭᠤᠯᠬᠤ ᠵᠢᠨ 《ᠪᠥᠬᠦ ᠲᠠᠯ᠎ᠠ ᠵᠢᠨ ᠰᠢᠯᠭ᠋ᠠᠨ ᠪᠠᠶ᠋ᠢᠴᠠᠭ᠋ᠠᠯᠲᠠ》 ᠮᠥᠨ᠂ ᠨᠠᠩ ᠴᠤ᠌ ᠲᠢᠩᠬᠢᠮ᠎ᠤᠨ ᠨᠠᠮ᠎ᠤᠨ ᠬᠤᠷᠢᠶ᠎ᠠ ᠵᠢᠨ ᠤᠳᠤᠷᠢᠳᠬᠤ ᠪᠠᠭ ᠪᠠ ᠪᠥᠬᠦ ᠺᠠᠳ᠋ᠷ ᠠᠷᠠᠳ᠎ᠤᠨ ᠴᠠᠭᠳᠠᠭ᠎ᠠ ᠵᠢᠨ ᠣᠶᠤᠨ ᠰᠠᠨᠠᠭ᠋ᠠᠨ᠎ᠤ ᠪᠠᠶ᠋ᠢᠳᠠᠯ᠂ ᠴᠢᠳᠠᠪᠤᠷᠢ ᠰᠤᠷᠲᠠᠯ᠎ᠤᠨ 《ᠶᠡᠷᠦᠩᠬᠡᠶ᠋ᠢᠯᠡᠭᠰᠡᠨ ᠣᠨᠣᠰᠢᠯᠠᠬᠤ》 ᠶᠠᠪᠤᠳᠠᠯ ᠮᠥᠨ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ ᠪᠠ ᠡᠩᠨᠡᠭᠡ ᠵᠢᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠠᠶ᠋ᠢᠨ᠎ᠠ ᠭᠡᠵᠡᠶ᠃ ᠪᠥᠬᠦ ᠺᠠᠳ᠋ᠷ ᠠᠷᠠᠳ᠎ᠤᠨ ᠴᠠᠭᠳᠠᠭ᠎ᠠ ᠲᠣᠭᠤᠷᠢᠨ ᠪᠠᠶ᠋ᠢᠴᠠᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠷᠤᠭᠰᠢᠲᠠᠶ ᠥᠷᠨᠢᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠵᠤ᠂ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠲᠣᠰ ᠤᠳᠠᠭ᠋ᠠᠨ᠎ᠤ ᠲᠣᠭᠤᠷᠢᠨ ᠪᠠᠶ᠋ᠢᠴᠠᠭ᠋ᠠᠯᠲᠠ᠎ᠪᠠᠷ ᠠᠵᠠ ᠲᠣᠬᠢᠶᠠᠯ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠨ᠎ᠡ ᠴᠢᠨᠠᠷ ᠰᠠᠶ᠋ᠢᠲᠠᠶ ᠳᠠᠶ᠋ᠢᠴᠢᠨ ᠬᠦᠴᠦᠨ᠎ᠢ ᠲᠦᠷᠭᠡᠳᠬᠡᠨ ᠳᠡᠭᠡᠭᠰᠢᠯᠡᠭᠦᠯᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠬᠤ ᠬᠡᠷᠡᠭᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠥᠷᠪᠡᠳᠦᠭᠡᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠤ᠂ ᠳᠣᠲᠣᠭ᠋ᠠᠳᠤ ᠪᠠᠶ᠋ᠢᠭᠤᠯᠤᠭᠰᠠᠨ ᠰᠠᠯᠠᠭ᠎ᠠ ᠮᠥᠴᠢᠷ ᠪᠣᠯᠤᠨ ᠰᠢᠭᠤᠳ ᠬᠠᠷᠢᠶ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠂ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷ ᠬᠤᠷᠠᠯ᠎ᠳᠤ ᠰᠤᠯᠠ ᠣᠷᠣᠯᠴᠠᠪᠠ᠃
ᠲᠣᠭᠤᠷᠢᠨ ᠪᠠᠶ᠋ᠢᠴᠠᠭ᠋ᠠᠬᠤ ᠬᠤᠭᠤᠴᠠᠭ᠋ᠠᠨ᠎ᠳᠤ᠂ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0471 - 3124184᠂ ᠤᠲᠠᠰᠤ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠠᠵᠢᠯᠯᠠᠬᠤ ᠡᠳᠦᠷ᠎ᠤᠨ 8᠄ 30᠎ᠠᠴᠠ 12᠄ 00᠂ 14᠄ 30᠎ᠠᠴᠠ 17᠄ 30; ᠲᠤᠰᠬᠠᠶ ᠰᠢᠤᠳᠠᠨ᠎ᠤ ᠵᠠᠬᠢᠳᠠᠯ᠎ᠤᠨ ᠬᠠᠶ᠋ᠢᠷᠴᠠᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ A106 ᠳ᠋ᠤᠭ᠋ᠠᠷ ᠰᠢᠤᠳᠠᠨ᠎ᠤ ᠵᠠᠬᠢᠳᠠᠯ᠎ᠤᠨ ᠬᠠᠶ᠋ᠢᠷᠴᠠᠭ; ᠢᠮᠧᠯ᠄ zzqdwxsgat@126.com᠃ ᠡᠭᠦᠨ᠎ᠤ ᠬᠠᠮᠲᠤ᠂ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠵᠢᠷᠢᠮ ᠵᠠᠮ᠎ᠤᠨ 15 ᠳ᠋ᠤᠭ᠋ᠠᠷ ᠨᠣᠮᠧᠷᠲᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠢᠭᠡᠳᠦᠭᠡᠷ ᠠᠰᠠᠷ᠎ᠤᠨ ᠪᠠᠷᠠᠭᠤᠨ ᠲᠠᠯ᠎ᠠ ᠵᠢᠨ ᠠᠰᠠᠷ᠎ᠤᠨ ᠱᠠᠳᠤ᠂ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠠᠶ᠋ᠢᠯᠠᠷ ᠶᠡᠭᠡ ᠵᠡᠭᠡᠯᠢ ᠵᠢᠨ 15 ᠳ᠋ᠤᠭ᠋ᠠᠷ ᠨᠣᠮᠧᠷᠲᠤ 2 3 ᠬᠤᠩᠭᠢᠯ᠎ᠤᠨ ᠡᠮᠦᠨ᠎ᠡ ᠵᠢᠨ ᠵᠡᠭᠦᠨ ᠬᠡᠷᠡᠮ᠂ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠵᠢᠷᠢᠮ ᠵᠠᠮ ᠬᠢᠭᠡᠳ ᠵᠠᠮ᠎ᠤᠨ ᠠᠭᠤᠯᠵᠠᠷ᠎ᠤᠨ ᠵᠡᠭᠦᠨ ᠡᠮᠦᠨ᠎ᠡ 60 ᠮᠧᠲᠷ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠣᠨᠢᠨ ᠮᠡᠳᠡᠭᠡ ᠤᠬᠠᠭᠤᠯᠭ᠎ᠠ ᠵᠢᠨ ᠭᠠᠵᠠᠷ᠎ᠤᠨ ᠡᠭᠦᠳᠡᠨ᠂ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠠᠶ᠋ᠢᠯᠠᠷ ᠵᠡᠭᠦᠨ ᠵᠡᠭᠡᠯᠢ ᠵᠢᠨ 25 ᠳ᠋ᠤᠭ᠋ᠠᠷ ᠨᠣᠮᠧᠷᠲᠤ ᠠᠮᠤᠷ᠎ᠢ ᠬᠠᠮᠠᠭ᠋ᠠᠯᠠᠬᠤ ᠶᠡᠭᠡ ᠠᠰᠠᠷ᠎ᠤᠨ ᠵᠡᠭᠦᠨ ᠲᠠᠯ᠎ᠠ ᠵᠢᠨ ᠭᠠᠳᠠᠷ ᠬᠡᠷᠡᠮ᠂ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠢᠩᠭ᠋ᠠᠨ ᠬᠤᠶ᠋ᠢᠲᠤ ᠵᠠᠮ᠎ᠤᠨ 11 ᠳ᠋ᠦ᠍ᠭᠡᠷ ᠨᠣᠮᠧᠷᠲᠤ ᠠᠰᠠᠷ᠎ᠤᠨ ᠵᠡᠭᠦᠨ ᠲᠠᠯ᠎ᠠ ᠵᠢᠨ ᠭᠠᠳᠠᠷ ᠬᠡᠷᠡᠮ᠎ᠳᠤ ᠬᠠᠷᠢᠯᠴᠠᠬᠤ ᠵᠠᠬᠢᠳᠠᠯ᠎ᠤᠨ ᠬᠠᠶ᠋ᠢᠷᠴᠠᠭ ᠳᠣᠭᠢᠷᠠᠭᠤᠯᠵᠤ᠂ ᠲᠢᠩᠬᠢᠮ᠎ᠤᠨ ᠪᠠᠶ᠋ᠢᠭᠤᠯᠭ᠎ᠠ ᠵᠢᠨ ᠬᠠᠷᠢᠶ᠎ᠠ ᠵᠢᠩᠬᠢᠨᠢ ᠰᠠᠯᠠᠭ᠋ᠠᠨ ᠲᠠᠰ᠎ᠠᠴᠠ ᠳᠡᠭᠡᠭᠰᠢᠬᠢ ᠳᠤ 《ᠺᠣᠳ᠋ ᠳᠡᠭᠡᠷ᠎ᠡ 》 ᠬᠤᠶᠠᠷ ᠬᠡᠮᠵᠢᠯᠳᠦ ᠺᠣᠳ᠋ ᠨᠠᠭ᠋ᠠᠪᠠ᠃ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ 2025 ᠣᠨ᠎ᠤ 10 ᠰᠠᠷ᠎ᠠ ᠵᠢᠨ 26᠎ᠤ ᠡᠳᠦᠷ ᠪᠣᠯᠲᠠᠯ᠎ᠠ ᠦᠷᠭᠦᠯᠵᠢᠯᠡᠨ᠎ᠡ᠃ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠭᠤᠣᠯᠳᠠᠭᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠤᠷᠢᠶᠠᠨ᠎ᠤ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ᠂ ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ ᠪᠠ ᠴᠢᠬᠤᠯᠠ ᠠᠵᠢᠯ᠎ᠤᠨ ᠪᠠᠶ᠋ᠢᠷᠢ ᠵᠢᠨ ᠤᠳᠤᠷᠢᠳᠬᠤ ᠺᠠᠳ᠋ᠷ᠎ᠤᠨ ᠠᠰᠠᠭᠤᠳᠠᠯ᠎ᠢ ᠲᠤᠰᠬᠠᠭᠰᠠᠨ ᠵᠠᠬᠢᠳᠠᠯ ᠤᠲᠠᠰᠤ ᠵᠢ ᠬᠦᠯᠢᠶᠡᠨ ᠠᠪᠴᠤ ᠰᠢᠢ᠍ᠳᠪᠦᠷᠢᠯᠡᠨ᠎ᠡ᠂ ᠭᠤᠣᠯᠳᠠᠯᠭ᠎ᠠ᠎ᠨᠢ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠤᠯᠠᠨ ᠲᠦᠮᠡᠨ᠎ᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠠ ᠠᠮᠢᠳᠤᠷᠠᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠵᠡᠷᠭᠡ ᠲᠠᠯ᠎ᠠ ᠵᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶ᠋ᠢᠴᠠᠭ᠋ᠠᠯᠲᠠ ᠵᠢᠨ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠲᠤᠰᠢᠶᠠᠵᠤ ᠨᠠᠷᠢᠨ ᠬᠢᠨᠠᠮᠠᠭ᠋ᠠᠢ ᠰᠢᠢ᠍ᠳᠪᠦᠷᠢᠯᠡᠭᠦᠯᠦᠨ᠎ᠡ᠃