11 ᠳ᠋ᠦ᠍ᠭᠡᠷ ᠰᠠᠷᠠ ᠵᠢᠨ 20ᠤ ᠡᠳᠦᠷᠤᠨ ᠦᠳᠡ ᠵᠢᠨ ᠡᠮᠦᠨᠡ᠂ ᠦᠬᠠᠶ ᠬᠣᠲᠠ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩᠤᠨ ᠰᠢᠨᠡ ᠴᠠᠭ ᠦᠶᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠂ ᠪᠥᠬᠥ ᠣᠷᠣᠨᠤ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠬᠤᠷᠠᠯᠤᠨ ᠵᠣᠷᠢᠭ ᠰᠠᠨᠠᠭᠠ ᠵᠢ ᠪᠥᠬᠥ ᠲᠠᠯᠠᠪᠠᠷ ᠨᠠᠶ᠋ᠢᠳᠠᠪᠤᠷᠢᠵᠢᠭᠤᠯᠤᠨ᠂ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠢ ᠰᠤᠳᠤᠯᠤᠨ ᠪᠠᠶ᠋ᠢᠷᠢᠯᠠᠭᠤᠯᠪᠠ᠃ ᠬᠣᠲᠠ ᠵᠢᠨ ᠨᠠᠮᠤᠨ ᠬᠣᠷᠢᠶᠠᠨᠤ ᠱᠦᠵᠢ ᠵᠧᠤ ᠵᠢᠨ ᠰᠢᠩ ᠬᠤᠷᠠᠯᠳᠤ ᠣᠷᠣᠯᠴᠠᠨ ᠶᠠᠷᠢᠶᠠ ᠲᠠᠯᠪᠢᠵᠤ᠂ ᠬᠣᠲᠠ ᠵᠢᠨ ᠨᠠᠮᠤᠨ ᠬᠣᠷᠢᠶᠠᠨᠤ ᠳᠡᠳ᠋ ᠱᠦᠵᠢ᠂ ᠬᠣᠲᠠ ᠵᠢᠨ ᠳᠠᠷᠤᠭᠠ ᠼᠦᠢ ᠵᠢᠩ ᠶᠢᠩ ᠬᠤᠷᠠᠯᠢ ᠡᠷᠭᠢᠯᠡᠵᠦ᠂ ᠬᠣᠲᠠ ᠵᠢᠨ ᠨᠠᠮᠤᠨ ᠬᠣᠷᠢᠶᠠᠨᠤ ᠪᠠᠶ᠋ᠢᠩᠭᠤ ᠵᠢᠨ ᠭᠡᠰᠢᠭᠦᠨ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨᠤ ᠱᠦᠵᠢ ᠶᠠᠨ ᠳ᠋ᠦᠩ᠂ ᠬᠣᠲᠠ ᠵᠢᠨ ᠳᠡᠳ᠋ ᠳᠠᠷᠤᠭᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨᠤ ᠳᠠᠷᠤᠭᠠ ᠵᠠᠩ ᠸᠧᠶ ᠬᠤᠷᠠᠯᠳᠤ ᠣᠷᠣᠯᠴᠠᠵᠠᠶ᠃

ᠵᠧᠦ ᠵᠢᠨ ᠰᠢᠩ ᠶᠠᠷᠢᠶᠠᠨᠳᠤᠪᠠᠨ ᠥᠩᠭᠡᠷᠡᠭᠰᠡᠨ ᠲᠠᠪᠤᠨ ᠵᠢᠯᠤᠨ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠪᠠ᠃ ᠲᠡᠷᠡ᠂ ᠪᠦᠬᠦ ᠬᠣᠲᠠ ᠵᠢᠨ ᠡᠯᠡ ᠱᠠᠲᠤᠨᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭᠠᠨᠤᠭᠤᠳ ᠳᠣᠲᠣᠭ᠋ᠠᠳᠤ ᠵᠢ ᠬᠠᠮᠠᠭ᠋ᠠᠯᠠᠬᠤ ᠠᠵᠢᠯᠳᠠᠬᠢ ᠨᠠᠮᠤᠨ ᠪᠦᠬᠦ ᠲᠠᠯᠠ ᠵᠢᠨ ᠤᠳᠤᠷᠢᠳᠤᠯᠭᠠ ᠵᠢ ᠡᠷᠡᠰ ᠲᠤᠭᠤᠰᠢᠯᠠᠭᠤᠯᠵᠤ᠂ ᠨᠠᠮ ᠪᠣᠯᠤᠨ ᠠᠷᠠᠳ ᠲᠦᠮᠡᠨᠠᠴᠠ ᠣᠯᠭᠣᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭᠠᠪᠠᠨ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠭᠦᠢ᠍ᠴᠡᠳᠬᠡᠬᠦ ᠬᠡᠷᠡᠭᠲᠡᠶ ᠭᠡᠵᠡᠶ᠃ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨᠢ ᠪᠠᠲᠤᠯᠠᠬᠤ᠂ ᠲᠣᠭᠲᠠᠭᠤᠨᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠡᠯᠡ ᠵᠦᠢ᠍ᠯᠤᠨ ᠠᠵᠢᠯᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠠᠵᠤ ᠠᠬᠤᠢ ᠨᠡᠶ᠋ᠢᠭᠡᠮᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠ ᠭᠠᠳᠠᠭᠰᠢᠯᠠᠭᠤᠯᠬᠤ ᠬᠡᠯᠪᠡᠷᠢ ᠵᠢ ᠪᠦᠬᠦ ᠲᠠᠯᠠᠪᠠᠷ ᠬᠤᠪᠢᠷᠠᠭᠤᠯᠬᠤ ᠵᠢ ᠠᠬᠢᠭᠤᠯᠬᠤ᠂ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠭᠰᠠᠨ ᠦᠬᠠᠢ ᠵᠢᠨ ᠦᠢ᠍ᠯᠡᠳᠦᠯᠭᠡ ᠵᠢ ᠠᠬᠢᠭᠤᠯᠬᠤᠳᠤ ᠪᠠᠲᠤᠯᠠᠭᠠ ᠬᠠᠩᠭ᠋ᠠᠬᠤ ᠬᠡᠷᠡᠭᠲᠡᠢ᠃ ᠥᠭᠡᠷᠡᠴᠢᠯᠡᠯᠲᠡᠠᠴᠠ ᠦᠷᠭᠦᠯᠵᠢᠯᠡᠨ ᠬᠥᠳᠡᠯᠭᠡᠬᠦ ᠬᠦᠴᠦᠨ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯᠠᠴᠠ ᠲᠠᠢ᠍ᠢ᠍ᠴᠢᠨ ᠬᠦᠴᠦᠨ ᠣᠯᠵᠤ᠂ ᠬᠠᠤᠯᠢᠵᠢᠯᠠᠴᠠ ᠨᠢᠭᠲᠠᠷᠠᠯᠤᠨ ᠬᠦᠴᠦᠨ ᠣᠯᠵᠤ᠂ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠣᠳᠣᠬᠢᠴᠢᠯᠠᠯᠲᠠ ᠵᠢᠨ ᠲᠦᠪᠰᠢᠨᠢ ᠪᠦᠬᠦ ᠲᠠᠯᠠᠪᠠᠷ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯᠠᠪᠠᠷ ᠨᠠᠮᠢ ᠴᠢᠩᠭᠠ ᠬᠠᠮᠢᠶᠠᠷᠴᠤ ᠴᠠᠭᠳᠠᠭᠠ ᠵᠢ ᠴᠢᠩᠭᠠ ᠵᠠᠰᠠᠬᠤ ᠵᠢ ᠪᠠᠷᠢᠮᠲᠠᠯᠠᠵᠤ᠂ ᠪᠦᠬᠦ ᠴᠠᠭᠳᠠᠭᠠ ᠵᠢᠨ ᠴᠢᠳᠠᠪᠤᠷᠢ ᠵᠢᠨ ᠬᠡᠪ ᠴᠢᠨᠠᠷᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭᠠ ᠡᠭᠦᠷᠭᠡᠯᠡᠵᠦ ᠵᠢᠳᠬᠦᠯ ᠴᠢᠷᠮᠠᠶ᠋ᠢᠯᠭᠠ ᠭᠠᠷᠭ᠋ᠠᠬᠤ ᠵᠢ ᠵᠣᠷᠢᠭᠵᠢᠭᠤᠯᠤᠨ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭᠠ ᠡᠭᠦᠷᠭᠡᠯᠡᠳᠡᠭ ᠪᠠᠲᠤ ᠴᠢᠩᠭᠠ ᠳᠣᠲᠣᠭ᠋ᠠᠳᠤ ᠵᠢ ᠬᠠᠮᠠᠭ᠋ᠠᠯᠠᠬᠤ ᠲᠡᠮᠦᠷ ᠴᠡᠷᠢᠭᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃