ᠬᠠᠷᠢᠶᠠᠲᠤ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠬᠣᠶᠠᠷ ᠬᠦᠷᠳᠦᠲᠦ᠂ ᠭᠤᠷᠪᠠᠨ ᠬᠦᠷᠳᠦᠲᠦ ᠴᠠᠬᠢᠯᠭ᠋ᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠭᠦᠯᠵᠢᠯᠡᠨ ᠥᠷᠨᠢᠭᠦᠯᠵᠦ᠂ ᠵᠠᠮ ᠳᠡᠭᠡᠷ᠎ᠡ ᠲᠣᠭᠣᠷᠢᠨ ᠴᠠᠭᠳᠠᠬᠤ᠂ ᠬᠣᠷᠢᠭ᠎ᠠ ᠴᠢᠭ᠎ᠲᠤ ᠪᠠᠶ᠋ᠢᠴᠠᠭ᠋ᠠᠨ ᠵᠠᠯᠠᠷᠠᠭᠤᠯᠬᠤ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠦᠨᠡᠮᠯᠡᠯ ᠥᠬᠡᠶ᠎ᠪᠠᠷ ᠲᠡᠷᠭᠡ ᠵᠢᠯᠣᠭᠣᠳᠬᠤ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠣᠳᠬᠤ᠂ ᠲᠣᠭᠲᠠᠭᠰᠠᠨ ᠠᠴᠢᠶᠠᠨ᠎ᠤ ᠲᠣᠭ᠎ᠠ᠎ᠠᠴᠠ ᠬᠡᠲᠦᠷᠡᠭᠦᠯᠬᠦ᠂ ᠲᠣᠭᠲᠠᠭᠰᠠᠨ ᠬᠤᠷᠳᠤᠴᠠ᠎ᠠᠴᠠ ᠬᠡᠲᠦᠷᠡᠭᠦᠯᠬᠦ ᠵᠡᠷᠭᠡ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠬᠦᠨᠳᠦ ᠨᠣᠴᠢᠲᠠᠶ ᠨᠥᠯᠥᠭᠡᠯᠡᠬᠦ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠪᠠᠶ᠋ᠢᠴᠠᠭ᠋ᠠᠨ ᠰᠢᠢ᠍ᠳᠪᠦᠷᠢᠯᠡᠵᠡᠢ᠃ ᠡᠭᠦᠨ᠎ᠤ ᠬᠠᠮᠲᠤ ᠣᠯᠠᠨ ᠲᠦᠮᠡᠨ᠎ᠳᠤ ᠵᠠᠮ ᠬᠠᠷᠢᠯᠴᠠᠭ᠋ᠠᠨ᠎ᠤ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠣᠯᠠᠨ ᠲᠦᠮᠡᠨ᠎ᠤ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠰᠠᠨᠠᠭ᠋ᠠᠴᠢᠯᠠᠭ᠎ᠠ᠎ᠠᠴᠠ᠎ᠪᠠᠨ ᠵᠢᠷᠤᠮᠯᠠᠬᠤ ᠤᠬᠠᠮᠰᠠᠷ᠎ᠢ ᠳᠡᠭᠡᠭᠰᠢᠯᠡᠭᠦᠯᠦᠨ᠂ ᠬᠠᠷᠢᠶᠠᠲᠤ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃