ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠶᠠᠲᠤ ᠣᠷᠣᠨ᠎ᠤ ᠪᠠᠷᠠᠭ᠋ᠠᠨ᠎ᠤ ᠭᠦᠢ᠍ᠯᠭᠡᠭᠡ ᠲᠦᠷᠭᠡᠨ ᠬᠦᠷᠭᠡᠯᠲᠡ ᠵᠢᠨ ᠥᠷᠲᠡᠭᠡ᠎ᠳᠤ ᠬᠤᠤᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-31

     ᠪᠠᠷᠠᠭ᠋ᠠᠨ᠎ᠤ ᠭᠦᠢ᠍ᠯᠭᠡᠭᠡ ᠲᠦᠷᠭᠡᠨ ᠬᠦᠷᠭᠡᠯᠲᠡ ᠵᠢᠨ ᠵᠠᠮ᠎ᠤᠨ ᠬᠤᠣᠷ ᠴᠠᠭ᠋ᠠᠵᠠᠯᠠᠬᠤ ᠤᠬᠠᠭᠤᠯᠭ᠎ᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠤᠯᠠᠭ᠋ᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠤᠷ ᠴᠠᠭ᠋ᠠᠵᠠᠯᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠬᠠᠷᠢᠶᠠᠲᠤ ᠣᠷᠣᠨ᠎ᠤ ᠡᠳ᠋ ᠪᠠᠷᠠᠭ᠋ᠠᠨ᠎ᠤ ᠬᠦᠢ᠍ᠯᠬᠡᠬᠡ᠂ ᠲᠦᠷᠭᠡᠨ ᠬᠦᠷᠭᠡᠬᠦ ᠥᠷᠲᠡᠭᠡ᠎ᠳᠤ ᠭᠦᠨᠵᠡᠭᠡᠶ᠋ᠢᠷᠡᠵᠦ᠂ ᠬᠤᠤᠷ ᠴᠠᠭ᠋ᠠᠵᠠᠯᠠᠬᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠎ᠪᠠᠷ ᠳᠠᠮᠵᠢᠭᠤᠯᠤᠨ᠂ ᠪᠠᠷᠠᠭ᠋ᠠᠨ᠎ᠤ ᠬᠦᠢ᠍ᠯᠬᠡᠬᠡ ᠢᠯᠡᠭᠡᠨ ᠬᠦᠷᠭᠡᠬᠦ ᠠᠵᠢᠯᠯᠠᠭᠴᠢᠳ᠎ᠲᠤ ᠬᠤᠤᠷᠲᠤ ᠡᠳ᠋᠎ᠤᠨ ᠲᠥᠷᠥᠯ ᠵᠦᠢ᠍ᠯ᠂ ᠣᠨᠴᠠᠯᠢᠭ ᠰᠢᠨᠵᠢ᠂ ᠢᠯᠭ᠋ᠠᠨ ᠲᠠᠨᠢᠬᠤ ᠠᠷᠭ᠎ᠠ ᠵᠢᠴᠢ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢ ᠨᠠᠷᠢᠨ ᠲᠠᠶ᠋ᠢᠯᠪᠤᠷᠢᠯᠠᠵᠤ᠂ ᠠᠵᠢᠯᠯᠠᠭᠴᠢᠳ᠎ᠲᠤ ᠡᠳᠦᠷ ᠲᠤᠲᠤᠮ᠎ᠤᠨ ᠠᠵᠢᠯ᠎ᠤᠨ ᠳᠤᠮᠳᠠ᠎ᠪᠠᠨ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠰᠢᠤᠳᠠᠨ᠎ᠤ ᠵᠦᠢ᠍ᠯ᠂ ᠲᠦᠷᠭᠡᠨ ᠬᠦᠷᠭᠡᠬᠦ ᠵᠦᠢ᠍ᠯ ᠵᠡᠷᠭᠡ ᠵᠢᠨ ᠦᠨᠡᠨ ᠨᠡᠷ᠎ᠡ᠎ᠪᠠᠷ ᠬᠤᠷᠢᠶᠠᠨ ᠢᠯᠡᠭᠡᠬᠦ᠂ ᠰᠢᠯᠭ᠋ᠠᠨ ᠠᠪᠬᠤ ᠲᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠠᠤᠯᠢ ᠪᠤᠰᠤ ᠡᠲᠡᠭᠡᠳ᠎ᠤᠨ ᠢᠯᠡᠭᠡᠨ ᠬᠦᠷᠭᠡᠬᠦ ᠠᠷᠭ᠎ᠠ ᠵᠠᠮ ᠵᠶ᠋ᠠᠷ ᠬᠤᠤᠷ ᠫᠠᠨᠽᠠᠯᠠᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ ᠭᠡᠵᠦ ᠰᠠᠨᠠᠭᠤᠯᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ