ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠴᠠᠭᠳᠠᠭ᠎ᠠ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ ᠡᠮᠬᠢ ᠳᠢᠭᠯᠢᠮ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-31

      ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠡᠮᠬᠢ ᠳᠢᠭᠯᠢᠮ᠎ᠤᠨ ᠵᠠᠰᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠴᠠᠭᠳᠠᠭ᠋ᠠᠨ᠎ᠤ ᠬᠦᠴᠦᠨ᠎ᠢ ᠰᠢᠯᠵᠢᠭᠦᠯᠦᠨ ᠲᠣᠬᠢᠷᠠᠭᠤᠯᠵᠤ᠂ ᠵᠠᠮ ᠬᠠᠷᠢᠯᠴᠠᠭ᠋ᠠᠨ᠎ᠤ ᠭᠤᠤᠯᠳᠠᠯᠭ᠎ᠠ᠎ᠲᠠᠢ ᠵᠠᠮ᠎ᠤᠨ ᠬᠡᠰᠡᠭ᠎ᠲᠤ ᠲᠥᠪᠯᠡᠷᠡᠭᠦᠯᠦᠨ᠂ ᠴᠠᠭ᠂ ᠣᠷᠣᠨ ᠪᠦᠰᠡ ᠬᠤᠪᠢᠶᠠᠨ ᠭᠤᠤᠯᠳᠠᠯᠭ᠎ᠠ᠎ᠲᠠᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠨᠢᠭᠡ ᠪᠦᠯᠦᠭ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠲᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠪᠡ ᠃ ᠡᠭᠦᠨ᠎ᠳᠤ ᠵᠠᠮ᠎ᠤᠨ ᠳ᠋ᠧᠩ᠎ᠤᠨ ᠲᠥᠷᠢᠮ᠎ᠢ ᠵᠥᠷᠢᠴᠡᠭᠰᠡᠨ ᠠᠵᠢᠯᠯᠠᠭ᠎ᠠ 838 ᠤᠳᠠᠭ᠎ᠠ᠂ ᠬᠠᠤᠯᠢ᠎ᠠᠴᠠ ᠵᠥᠷᠢᠴᠡᠨ ᠮᠠᠰᠢᠨᠲᠤ ᠲᠡᠷᠭᠡᠨ᠎ᠤ ᠵᠠᠮ᠎ᠢ ᠡᠵᠡᠯᠡᠨ ᠶᠠᠪᠤᠭᠰᠠᠨ ᠠᠵᠢᠯᠯᠠᠭ᠎ᠠ 138 ᠤᠳᠠᠭ᠎ᠠ᠂ ᠰᠥᠷᠴᠦ ᠶᠠᠪᠤᠭᠰᠠᠨ ᠡᠰᠡᠬᠦᠯ᠎ᠡ ᠠᠮᠤᠷ ᠲᠦᠪᠰᠢᠨ᠎ᠤ ᠳᠤᠭᠤᠯᠠᠭ᠎ᠠ ᠵᠢ ᠥᠯᠥ ᠵᠡᠭᠦᠭᠰᠡᠨ ᠵᠡᠷᠭᠡ ᠪᠠᠢ᠌ᠳᠠᠯ 5363 ᠤᠳᠠᠭ᠎ᠠ ᠪᠣᠶ᠃

ᠢᠷᠡᠯᠲᠡ᠄ ᠬᠦᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ