1 ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨ᠎ᠡ᠂ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠲᠣᠭ ᠮᠠᠨᠳᠤᠭᠤᠯᠬᠤ ᠶᠣᠰᠣᠯᠠᠯ ᠶᠠᠪᠤᠭᠤᠯᠵᠤ ᠲᠠᠪᠤᠳᠤᠭ᠋ᠠᠷ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ᠎ᠢ ᠪᠡᠯᠭᠡᠯᠡᠪᠡ᠃ ᠪᠠᠭ᠋ᠠᠷᠢᠨ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠯᠦᠸᠧ ᠬᠠᠶ ᠶᠠᠩ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠣᠰᠣᠯᠠᠯ᠎ᠢ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠤᠯᠤᠰ ᠲᠥᠷᠥ ᠵᠢᠨ ᠭᠡᠰᠢᠭᠦᠨ ᠸᠠᠩ ᠸᠧᠶ ᠡᠷᠭᠢᠯᠡᠵᠦ᠂ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠲᠣᠪᠴᠢᠶ᠎ᠠ ᠵᠢᠨ ᠬᠠᠷᠢᠶ᠎ᠠ ᠡᠯ᠎ᠡ ᠰᠠᠯᠠᠭ᠎ᠠ ᠮᠥᠴᠢᠷ ᠭᠠᠵᠠᠷ᠎ᠤᠨ ᠬᠠᠷᠢᠭᠤᠴᠠᠯᠭ᠋ᠠᠲᠠᠨ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠥᠯᠥᠭᠡᠯᠡᠭᠴᠢ ᠨᠡᠶ᠋ᠢᠲᠡ 200 ᠭᠠᠷᠤᠶ ᠬᠥᠮᠦᠨ ᠶᠣᠰᠣᠯᠠᠯ᠎ᠳᠤ ᠣᠷᠣᠯᠴᠠᠪᠠ᠃

ᠦᠳᠡ ᠵᠢᠨ ᠡᠮᠦᠨᠡᠬᠢ 10 ᠴᠠᠭ᠎ᠲᠤ᠂ ᠶᠣᠰᠣᠯᠠᠯ᠎ᠳᠤ ᠣᠷᠣᠯᠴᠠᠭᠰᠠᠨ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠢ ᠲᠡᠭᠰᠢ ᠲᠥᠪ ᠴᠢᠩᠭ᠎ᠠ ᠵᠢᠭᠰᠠᠵᠤ᠂ 29 ᠶᠣᠰᠣᠯᠠᠯ᠎ᠤᠨ ᠠᠩᠭᠢ ᠵᠢᠨ ᠭᠡᠰᠢᠭᠦᠨ ᠴᠠᠭᠳᠠᠭ᠋ᠠᠨ᠎ᠤ ᠲᠣᠭ᠎ᠢ ᠬᠠᠮᠠᠭ᠋ᠠᠯᠠᠨ ᠲᠥᠪ ᠢᠳᠡᠷᠡᠭᠦᠨ ᠠᠯᠬᠤᠭ᠎ᠠ᠎ᠪᠠᠷ ᠲᠣᠭ ᠮᠠᠨᠳᠤᠭᠤᠯᠬᠤ ᠲᠠᠪᠴᠠᠩ ᠵᠦᠭ ᠠᠯᠬᠤᠪᠠ᠃ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠴᠠᠭᠳᠠᠭ᠎ᠠ ᠵᠢᠨ ᠳᠠᠭᠤᠤ》 ᠡᠬᠢᠯᠡᠬᠦ ᠵᠢ ᠳᠠᠭ᠋ᠠᠯᠳᠤᠨ᠂ ᠪᠥᠬᠥ ᠠᠷᠠᠳ᠎ᠤᠨ ᠴᠠᠭᠳᠠᠭ᠎ᠠ ᠲᠥᠪ ᠴᠢᠩᠭ᠎ᠠ᠎ᠪᠠᠷ ᠶᠣᠰᠣᠯᠠᠵᠤ᠂ ᠴᠠᠭᠳᠠᠭ᠋ᠠᠨ᠎ᠤ ᠲᠣᠭ᠎ᠢ ᠠᠯᠭᠤᠷᠬᠠᠨ ᠮᠠᠨᠳᠤᠭᠤᠯᠪᠠ᠃ ᠤᠯᠤᠰ ᠲᠥᠷᠥ ᠵᠢᠨ ᠭᠡᠰᠢᠭᠦᠨ ᠸᠠᠩ ᠸᠧᠶ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠳᠠᠭ᠋ᠠᠭᠤᠯᠤᠨ ᠴᠠᠭᠳᠠᠭ᠋ᠠᠨ᠎ᠤ ᠲᠣᠭ᠎ᠲᠤ ᠬᠠᠨᠳᠤᠵᠤ ᠠᠷᠠᠳ᠎ᠤᠨ ᠴᠠᠭᠳᠠᠭ᠎ᠠ ᠵᠢᠨ ᠲᠠᠩᠭ᠋ᠠᠷᠢᠭ᠎ᠤᠨ ᠦᠭᠡ ᠵᠢ ᠳᠠᠬᠢᠨ ᠡᠷᠭᠢᠴᠡᠭᠦᠯᠵᠦ᠂ ᠡᠷᠡᠰ ᠪᠠᠲᠤ ᠬᠦᠴᠦᠲᠡᠶ ᠲᠠᠩᠭ᠋ᠠᠷᠢᠭ᠎ᠨᠢ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠷᠡᠰ ᠭᠤᠶ᠋ᠢᠪᠢᠰᠢ ᠥᠬᠡᠶ᠎ᠪᠠᠷ ᠨᠠᠮ ᠪᠣᠯᠤᠨ ᠠᠷᠠᠳ ᠲᠦᠮᠡᠨ᠎ᠤ ᠰᠢᠳᠤᠷᠭᠤ ᠬᠠᠮᠠᠭ᠋ᠠᠯᠠᠭᠴᠢ ᠪᠣᠯᠵᠣ᠂ ᠤᠯᠤᠰ᠎ᠤᠨ ᠠᠮᠤᠷ ᠲᠦᠪᠰᠢᠨ ᠪᠣᠯᠤᠨ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠵᠤ᠂ ᠨᠠᠮ ᠪᠣᠯᠤᠨ ᠠᠷᠠᠳ ᠲᠦᠮᠡᠨ᠎ᠤ ᠳᠠᠭ᠋ᠠᠭ᠋ᠠᠯᠭ᠋ᠠᠭᠰᠠᠨ ᠡᠭᠦᠷᠭᠡ ᠬᠠᠷᠢᠭᠤᠴᠠᠯᠭ᠎ᠠ ᠵᠢ ᠡᠷᠡᠰ ᠰᠠᠶ᠋ᠢᠲᠤᠷ ᠪᠡᠶᠡᠯᠡᠭᠦᠯᠬᠦ ᠢᠲᠡᠭᠡᠯ ᠵᠣᠷᠢᠭ᠎ᠢ ᠢᠯᠡᠳᠬᠡᠪᠡ᠃
ᠯᠦᠸᠧ ᠬᠠᠢ ᠶᠠᠩ᠎ᠠᠴᠠ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠨᠢ ᠨᠡᠶ᠋ᠢᠭᠡᠮ᠎ᠤᠨ ᠠᠮᠤᠷ ᠲᠣᠭᠲᠠᠭᠤᠨ᠎ᠳᠤ ᠬᠣᠯᠪᠣᠭᠳᠠᠬᠤ᠎ᠪᠠᠷ ᠪᠠᠷᠠᠬᠤ ᠦᠭᠡᠢ᠂ ᠨᠡᠩ ᠴᠤ᠌ ᠭᠡᠷ ᠪᠦᠯᠢ ᠪᠦᠷᠢ ᠵᠢᠨ ᠵᠣᠯ ᠵᠢᠷᠭ᠋ᠠᠯ ᠪᠣᠯᠤᠨ ᠠᠮᠤᠷ ᠲᠣᠭᠲᠠᠭᠤᠨ᠎ᠳᠤ ᠬᠣᠯᠪᠣᠭᠳᠠᠨ᠎ᠠ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠴᠥᠮ ᠨᠡᠶ᠋ᠢᠭᠡᠮ᠎ᠤᠨ ᠠᠮᠤᠷ ᠲᠦᠪᠰᠢᠨ᠎ᠢ ᠬᠠᠮᠠᠭ᠋ᠠᠯᠠᠬᠤ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢ ᠬᠠᠮᠠᠭ᠋ᠠᠯᠠᠬᠤ ᠠᠮᠤᠷ ᠲᠦᠪᠰᠢᠨ᠎ᠤ ᠴᠢᠬᠤᠯᠠ ᠡᠭᠦᠷᠭᠡ ᠵᠢ ᠡᠭᠦᠷᠭᠡᠯᠡᠵᠦ ᠪᠠᠶ᠋ᠢᠭ᠎ᠠ ᠪᠣᠯᠬᠣᠷ ᠡᠷᠬᠡᠪᠰᠢ ᠨᠡᠩ ᠪᠣᠳᠠᠲᠠᠶ ᠵᠢ ᠡᠷᠬᠢᠮᠯᠡᠬᠦ ᠣᠪᠣᠷ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

ᠯᠦᠸᠧ ᠬᠠᠢ ᠶᠠᠩ᠎ᠠᠴᠠ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠠᠷᠢᠭᠤᠴᠠᠯᠭ᠎ᠠ ᠬᠦᠨᠳᠦ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠤᠨ ᠡᠭᠦᠷᠭᠡ ᠬᠦᠨᠳᠦ ᠵᠠᠮ ᠬᠤᠯᠠ ᠪᠠᠶ᠋ᠢᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠣᠣᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶ᠋ᠢᠬᠤ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠢᠮᠠᠭᠲᠠ ᠪᠠᠲᠤ ᠴᠡᠭᠡᠵᠢᠯᠡᠵᠦ᠂ ᠲᠠᠷᠢᠬᠢ ᠲᠣᠯᠣᠭ᠋ᠠᠢ ᠰᠡᠷᠭᠡᠭ ᠪᠠᠶ᠋ᠢᠬᠤ ᠪᠠ ᠪᠠᠲᠤ ᠴᠢᠩᠭ᠎ᠠ ᠢᠲᠡᠭᠡᠯ ᠪᠢᠰᠢᠷᠡᠯ᠎ᠲᠠᠢ ᠪᠠᠶ᠋ᠢᠬᠤ ᠬᠡᠷᠡᠭᠲᠡᠢ᠃ ᠠᠵᠢᠯ᠎ᠤᠨ ᠲᠠᠯ᠎ᠠ᠎ᠪᠠᠷ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠦᠯᠬᠦᠮᠳᠡᠨ ᠨᠢᠭᠡᠳᠴᠦ᠂ ᠭᠠᠷ ᠬᠣᠯᠪᠣᠨ ᠮᠥᠷᠥ ᠵᠡᠷᠭᠡᠴᠡᠨ ᠤᠷᠤᠭᠰᠢᠯᠠᠬᠤ ᠬᠡᠷᠡᠭᠲᠡᠢ᠂ ᠭᠠᠭᠴᠠ ᠬᠦ᠌ ᠯᠠᠪᠳᠠᠭᠤᠨ ᠪᠠᠲᠤᠲᠠᠢ ᠠᠵᠢᠯᠯᠠᠬᠤ᠎ᠪᠠᠷ ᠲᠠᠮᠵᠢᠪᠠᠯ ᠰᠠᠶᠢ ᠠᠷᠠᠳ ᠲᠦᠮᠡᠨ᠎ᠤ ᠢᠲᠡᠭᠡᠯ ᠳᠡᠮᠵᠢᠯᠭᠡ ᠵᠢ ᠣᠯᠵᠤ᠂ ᠰᠠᠶᠢ ᠰᠢᠨ᠎ᠡ ᠴᠠᠭ ᠦᠶ᠎ᠡ ᠵᠢᠨ ᠠᠶᠠᠨ ᠵᠠᠮ᠎ᠳᠤ ᠲᠠᠰᠤᠷᠠᠯᠳᠠ ᠦᠭᠡᠢ ᠤᠷᠤᠭᠰᠢᠯᠠᠵᠤ ᠴᠢᠳᠠᠨ᠎ᠠ ᠭᠡᠵᠦ ᠴᠢᠬᠤᠯᠠᠴᠢᠯᠠᠪᠠ᠃
ᠲᠤᠭ ᠮᠠᠨᠳᠤᠭᠤᠯᠬᠤ ᠶᠣᠰᠣᠯᠠᠯ ᠲᠡᠭᠦᠰᠦᠭᠰᠡᠨ᠎ᠤ ᠲᠠᠷᠠᠭ᠎ᠠ᠂ ᠶᠣᠰᠣᠯᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠲᠤᠰ ᠤᠳᠠᠭ᠎ᠠ ᠵᠢᠨ ᠲᠤᠭ ᠮᠠᠨᠳᠤᠭᠤᠯᠬᠤ ᠶᠣᠰᠣᠯᠠᠯ ᠵᠶ᠋ᠠᠷ ᠠᠵᠠ ᠲᠣᠬᠢᠶᠠᠯ ᠪᠣᠯᠭ᠋ᠠᠵᠤ᠂ ᠬᠠᠷᠢᠭᠤᠴᠠᠯᠭ᠋ᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠵᠤ᠂ ᠲᠤᠬᠠᠶ᠋ᠢᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰ ᠲᠤᠰ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠶ᠋ᠢᠯᠡᠨ ᠰᠠᠬᠢᠵᠤ᠂ ᠡᠷᠡᠯᠬᠡᠭᠯᠡᠨ ᠲᠡᠮᠡᠴᠡᠵᠦ᠂ ᠨᠡᠩ ᠡᠶ᠎ᠡ ᠵᠣᠬᠢᠴᠠᠩᠭᠤᠢ ᠰᠠᠢ᠍ᠢ᠍ᠨ ᠰᠠᠶ᠋ᠢᠬᠠᠨ ᠨᠡᠶ᠋ᠢᠭᠡᠮ᠎ᠢ ᠪᠠᠶ᠋ᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃