ᠬᠠᠤᠯᠢ ᠬᠡᠷᠡᠭᠵᠢᠭᠦᠯᠬᠦ ᠭᠤᠤᠯ ᠴᠣᠭᠴᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠰᠢᠨᠡ ᠴᠠᠭ ᠦᠶᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠴᠢᠨᠠᠷ ᠰᠠᠶ᠋ᠢᠲᠠᠶ ᠬᠥᠭᠵᠢᠯᠲᠡᠳᠤ ᠰᠠᠭᠤᠷᠢᠯᠠᠨ᠂ ᠪᠥᠬᠥ ᠴᠠᠭᠳᠠᠭᠠ ᠵᠢᠨ ᠬᠠᠤᠯᠢᠪᠠᠷ ᠵᠠᠰᠠᠬᠤ ᠬᠡᠪ ᠪᠣᠯᠪᠠᠰᠤᠷᠠᠯᠤᠨ ᠰᠢᠰᠲ᠋ᠧᠮᠲᠦ ᠴᠢᠨᠠᠷᠲᠠᠶ ᠳᠡᠭᠡᠭᠰᠢᠯᠡᠯᠲᠡ ᠵᠢ ᠠᠬᠢᠭᠤᠯᠬᠤ ᠵᠢᠨ ᠲᠥᠯᠥᠭᠡ᠂ 2 ᠰᠠᠷᠠ ᠵᠢᠨ 25ᠤ ᠡᠳᠦᠷ᠂ ᠠᠤᠬᠠᠨ ᠬᠣᠰᠢᠭᠤᠨᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠ 《ᠬᠠᠤᠯᠢᠪᠠᠷ ᠵᠠᠰᠠᠬᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ ᠬᠠᠤᠯᠢ ᠬᠡᠷᠡᠭᠵᠢᠭᠦᠯᠬᠦ ᠲᠤᠰᠬᠠᠶ ᠬᠣᠰᠢᠭᠤᠴᠢ ᠵᠢ ᠳᠠᠪᠲᠠᠨ ᠪᠣᠯᠪᠠᠰᠤᠷᠠᠭᠤᠯᠬᠤ》 ᠰᠡᠳᠦᠪ ᠵᠶ᠋ᠠᠷ ᠪᠥᠬᠥ ᠤᠯᠤᠰᠤᠨ ᠬᠠᠤᠯᠢ ᠴᠠᠭ᠋ᠠᠵᠠ ᠵᠢᠨ ᠠᠵᠢᠯ ᠮᠡᠷᠭᠡᠵᠢᠯᠤᠨ ᠬᠢᠷᠢ ᠬᠡᠮᠤᠨ ᠰᠢᠯᠭ᠋ᠠᠯᠲᠠ ᠵᠢ ᠥᠩᠭᠡᠷᠡᠭᠡᠭᠰᠡᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠵᠢᠨ ᠶᠠᠷᠢᠯᠴᠠᠬᠤ ᠬᠤᠷᠠᠯᠢ ᠬᠤᠷᠠᠯᠳᠤᠭᠤᠯᠪᠠ᠃ ᠬᠣᠰᠢᠭᠤᠨᠤ ᠠᠷᠠᠳᠤᠨ ᠵᠠᠰᠠᠭᠤᠨ ᠣᠷᠳᠣᠨᠤ ᠳᠡᠳ᠋ ᠳᠠᠷᠤᠭᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠ ᠵᠢᠨ ᠨᠠᠮᠤᠨ ᠬᠣᠷᠢᠶᠠᠨᠤ ᠱᠦᠵᠢ᠂ ᠲᠣᠪᠴᠢᠶᠠᠨ ᠳᠠᠷᠤᠭᠠ ᠪᠢ ᠵᠢᠶᠠᠨ ᠮᠢᠨ ᠶᠠᠷᠢᠯᠴᠠᠬᠤ ᠬᠤᠷᠠᠯᠳᠤ ᠣᠷᠣᠯᠴᠠᠭᠰᠠᠨ ᠪᠥᠭᠡᠳ ᠶᠠᠷᠢᠶᠠ ᠲᠠᠯᠪᠢᠪᠠ᠃ ᠲᠣᠪᠴᠢᠶᠠᠨᠤ ᠨᠠᠮᠤᠨ ᠬᠣᠷᠢᠶᠠᠨᠤ ᠭᠡᠰᠢᠭᠦᠨ᠂ ᠪᠠᠶ᠋ᠢᠩᠭᠤ ᠵᠢᠨ ᠳᠡᠳ᠋ ᠲᠣᠪᠴᠢᠶᠠᠨ ᠳᠠᠷᠤᠭᠠ ᠭᠤᠤ ᠢᠦᠶ ᠰᠢᠶᠠᠩ ᠬᠤᠷᠠᠯᠢ ᠡᠷᠭᠢᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨᠤ ᠨᠠᠮᠤᠨ ᠬᠣᠷᠢᠶᠠᠨᠤ ᠳᠡᠳ᠋ ᠱᠦᠵᠢ᠂ ᠤᠯᠤᠰ ᠲᠥᠷᠥ ᠵᠢᠨ ᠭᠡᠰᠢᠭᠦᠨ ᠵᠠᠩ ᠵᠢᠶ ᠼᠦᠩ ᠵᠢᠴᠢ ᠬᠠᠤᠯᠢ ᠵᠢᠨ ᠰᠢᠯᠭ᠋ᠠᠯᠲᠠ ᠵᠢ ᠥᠩᠭᠡᠷᠡᠭᠡᠭᠰᠡᠨ 17 ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠶᠠᠷᠢᠯᠴᠠᠬᠤ ᠬᠤᠷᠠᠯᠳᠤ ᠣᠷᠣᠯᠴᠠᠪᠠ᠃
ᠬᠤᠷᠠᠯᠠᠴᠠ ᠡᠩ ᠲᠡᠷᠢᠭᠦᠨᠳᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠ ᠵᠢᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠵᠢᠨ ᠬᠠᠤᠯᠢ ᠵᠢᠨ ᠰᠢᠯᠭ᠋ᠠᠯᠲᠠ ᠵᠢ ᠥᠩᠭᠡᠷᠡᠭᠡᠭᠰᠡᠨ ᠦᠨᠳᠦᠰᠦᠨ ᠪᠠᠶ᠋ᠢᠳᠠᠯᠢ ᠲᠠᠨᠢᠯᠴᠠᠭᠤᠯᠵᠤ᠂ ᠬᠠᠤᠯᠢ ᠵᠢᠨ ᠰᠢᠯᠭ᠋ᠠᠯᠲᠠ ᠵᠢ ᠥᠩᠭᠡᠷᠡᠭᠡᠭᠰᠡᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠᠳᠤ ᠪᠠᠶᠠᠷ ᠬᠦᠷᠭᠡᠵᠦ᠂ ᠳᠠᠷᠠᠭᠠᠨᠢ ᠲᠡᠳᠡᠨᠳᠤ ᠦᠨᠡᠮᠯᠡᠯ ᠪᠠ ᠳᠤᠷᠠᠰᠬᠠᠯᠤᠨ ᠪᠣᠳᠠᠰ ᠣᠯᠭᠣᠪᠠ᠃
ᠬᠤᠷᠠᠯᠠᠴᠠ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠣᠯ ᠳᠣᠲᠣᠭ᠋ᠠᠳᠤ ᠵᠢ ᠬᠠᠮᠠᠭ᠋ᠠᠯᠠᠬᠤ ᠠᠵᠢᠯᠤᠨ ᠲᠤᠯᠭ᠋ᠠᠮ ᠬᠡᠷᠡᠭᠴᠡᠭᠡ ᠮᠥᠨ᠃ᠬᠠᠤᠯᠢ ᠵᠢᠨ ᠰᠢᠯᠭ᠋ᠠᠯᠲᠠ ᠵᠢ ᠥᠩᠭᠡᠷᠡᠭᠡᠭᠰᠡᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠲᠦᠷᠦᠭᠦᠯᠡᠨ ᠬᠠᠤᠯᠢᠪᠠᠷ ᠵᠠᠰᠠᠬᠤ ᠰᠡᠳᠬᠢᠬᠦᠶ ᠵᠢ ᠪᠠᠷᠢᠮᠲᠠᠯᠠᠵᠤ᠂ ᠬᠠᠤᠯᠢ ᠵᠢ ᠴᠢᠩᠭᠠ ᠵᠢᠷᠤᠮᠵᠢᠭᠤᠯᠵᠤ᠂ ᠵᠢᠷᠤᠮᠤᠨ ᠤᠬᠠᠮᠰᠠᠷ᠂ ᠭᠡᠷᠡᠴᠢ ᠪᠠᠷᠢᠮᠲᠠ ᠵᠢᠨ ᠤᠬᠠᠮᠰᠠᠷ ᠪᠠ ᠬᠠᠤᠯᠢ ᠴᠠᠭ᠋ᠠᠵᠠ ᠵᠢᠨ ᠬᠡᠷᠡᠭᠯᠡᠯᠲᠡ ᠵᠢ ᠴᠢᠬᠤᠯᠠᠴᠢᠯᠠᠬᠤ ᠬᠡᠷᠡᠭᠲᠡᠶ᠃ ᠲᠦᠷᠦᠭᠦᠯᠡᠨ ᠬᠠᠤᠯᠢ ᠬᠡᠷᠡᠭᠵᠢᠭᠦᠯᠬᠦ ᠬᠠᠷᠢᠭᠤᠴᠠᠯᠭᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭᠠ ᠵᠢ ᠨᠠᠶ᠋ᠢᠳᠠᠪᠤᠷᠢᠵᠢᠭᠤᠯᠵᠤ᠂ ᠲᠤᠰ ᠪᠡᠶᠡ ᠵᠢᠨ ᠬᠠᠤᠯᠢ ᠴᠠᠭ᠋ᠠᠵᠠ ᠵᠢᠨ ᠬᠡᠪ ᠪᠣᠯᠪᠠᠰᠤᠷᠠᠯᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠪᠣᠳᠠᠲᠤ ᠠᠵᠢᠯᠯᠠᠭᠠᠪᠠᠷ ᠵᠶ᠋ᠠᠨ ᠬᠠᠤᠯᠢ ᠬᠡᠷᠡᠭᠵᠢᠭᠦᠯᠬᠦ ᠠᠵᠢᠯᠤᠨ ᠡᠮᠬᠢ ᠵᠢᠷᠤᠮᠲᠠᠢ᠂ ᠵᠢᠷᠤᠮᠵᠢᠯᠲᠠᠢ ᠠᠬᠢᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯᠠᠴᠠ᠂ ᠲᠣᠪᠴᠢᠶᠠᠨᠤ ᠨᠠᠮᠤᠨ ᠬᠣᠷᠢᠶᠠ ᠪᠣᠳᠠᠲᠠᠶ ᠠᠷᠭᠠ ᠬᠡᠮᠵᠢᠶᠡᠪᠠᠷ ᠪᠥᠬᠥ ᠴᠠᠭᠳᠠᠭᠠ ᠵᠢᠨ ᠬᠠᠤᠯᠢ ᠴᠠᠭ᠋ᠠᠵᠠ ᠵᠢ ᠰᠤᠷᠤᠯᠴᠠᠬᠤ᠂ ᠬᠠᠤᠯᠢ ᠴᠠᠭ᠋ᠠᠵᠠ ᠵᠢ ᠬᠡᠷᠡᠭᠯᠡᠬᠦ ᠵᠢ ᠵᠣᠷᠢᠭᠵᠢᠭᠤᠯᠵᠤ᠂ ᠥᠷᠭᠡᠨ ᠣᠯᠠᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠵᠢᠨ ᠡᠷᠬᠢᠮ ᠨᠠᠨᠳᠢᠨ ᠴᠠᠭ᠂ ᠣᠶᠤᠨ ᠴᠢᠳᠠᠯ ᠵᠶ᠋ᠠᠨ ᠰᠤᠷᠤᠯᠴᠠᠯᠭᠠ ᠳᠡᠭᠡᠷᠡ ᠬᠡᠷᠡᠭᠯᠡᠬᠦ ᠵᠢ ᠰᠠᠨᠠᠭ᠋ᠠᠴᠢᠯᠠᠵᠤ᠂ ᠪᠥᠬᠥ ᠴᠠᠭᠳᠠᠭᠠ ᠵᠢ ᠳᠠᠶ᠋ᠢᠴᠢᠯᠠᠨ ᠰᠢᠷᠭ᠋ᠠᠭᠤ ᠰᠤᠷᠤᠯᠴᠠᠵᠤ ᠴᠢᠳᠠᠪᠤᠷᠢᠪᠠᠨ ᠳᠡᠭᠡᠭᠰᠢᠯᠡᠭᠦᠯᠬᠦ ᠠᠭᠤᠷ ᠠᠮᠢᠰᠬᠤᠯ᠂ ᠬᠡᠪ ᠰᠤᠷᠲᠠᠯᠢ ᠪᠣᠶ ᠪᠣᠯᠭ᠋ᠠᠬᠤ ᠬᠡᠷᠡᠭᠲᠡᠶ᠃ ᠬᠠᠤᠯᠢ ᠵᠢᠨ ᠰᠢᠯᠭ᠋ᠠᠯᠲᠠᠪᠠᠷ ᠳᠡᠮᠵᠢᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠵᠢ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠬᠣᠰᠢᠭᠤᠴᠢ ᠪᠣᠯᠭ᠋ᠠᠵᠤ᠂ ᠠᠤᠬᠠᠨᠤ ᠳᠣᠲᠣᠭ᠋ᠠᠳᠤ ᠵᠢ ᠬᠠᠮᠠᠭ᠋ᠠᠯᠠᠬᠤ ᠬᠠᠤᠯᠢᠪᠠᠷ ᠵᠠᠰᠠᠬᠤ ᠪᠠᠶ᠋ᠢᠭᠤᠯᠤᠯᠲᠠ ᠵᠢ ᠲᠤᠯᠭ᠋ᠠᠭᠤᠷᠢᠯᠠᠬᠤ ᠨᠢᠷᠤᠭᠤ ᠲᠤᠯᠭ᠋ᠠᠭᠤᠷᠢ ᠪᠠ ᠲᠤᠯᠭ᠋ᠠᠭᠤᠷᠢ ᠬᠦᠴᠦᠨ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠶᠠᠷᠢᠯᠴᠠᠬᠤ ᠬᠤᠷᠠᠯ ᠳᠡᠭᠡᠷᠡ᠂ ᠬᠠᠤᠯᠢ ᠵᠢᠨ ᠰᠢᠯᠭ᠋ᠠᠯᠲᠠ ᠵᠢ ᠥᠩᠭᠡᠷᠡᠭᠡᠭᠰᠡᠨ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠲᠠᠰ ᠳᠠᠷᠠᠭ᠋ᠠᠯᠠᠨ ᠦᠭᠡ ᠬᠡᠯᠡᠪᠡ᠃ ᠤᠯᠤᠰᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯᠤᠨ ᠬᠢᠷᠢ ᠬᠡᠮᠤᠨ ᠰᠢᠯᠭ᠋ᠠᠯᠲᠠᠳᠤ ᠣᠷᠣᠯᠴᠠᠭᠰᠠᠨ ᠥᠩᠭᠡᠷᠡᠯᠲᠡ᠂ ᠰᠢᠯᠭ᠋ᠠᠯᠲᠠ ᠵᠢᠨ ᠤᠷᠠ ᠮᠡᠷᠭᠡᠵᠢᠯ ᠪᠠ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠬᠤᠪᠢᠶᠠᠯᠴᠠᠵᠤ᠂ ᠲᠣᠰ ᠪᠡᠶᠡ ᠵᠢᠨ ᠠᠵᠢᠯᠤᠨ ᠪᠠᠶ᠋ᠢᠷᠢᠲᠠᠢᠪᠠᠨ ᠤᠶᠠᠯᠳᠤᠭᠤᠯᠤᠨ ᠬᠠᠤᠯᠢ ᠵᠢ ᠵᠢᠷᠤᠮᠵᠢᠭᠤᠨ ᠬᠡᠷᠡᠭᠵᠢᠭᠦᠯᠬᠦ ᠲᠤᠬᠠᠶ ᠴᠢᠯᠦᠭᠡᠲᠡᠢ ᠶᠠᠷᠢᠯᠴᠠᠬᠤ ᠵᠢᠨ ᠬᠠᠮᠲᠤ ᠬᠣᠯᠪᠣᠭᠳᠠᠯ ᠪᠥᠬᠥᠶ ᠰᠠᠨᠠᠯ ᠰᠠᠨᠠᠭᠤᠯᠭᠠ ᠳᠤᠷᠠᠳᠪᠠ᠃
ᠠᠤᠬᠠᠨᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭᠠ ᠠᠷᠠᠳᠤᠨ ᠴᠠᠭᠳᠠᠭᠠ ᠬᠠᠪᠰᠤᠷᠤᠭᠴᠢ ᠴᠠᠭᠳᠠᠭᠠ ᠵᠢᠨ ᠬᠠᠤᠯᠢ ᠴᠠᠭ᠋ᠠᠵᠠ ᠵᠢᠨ ᠠᠵᠢᠯ ᠮᠡᠷᠭᠡᠵᠢᠯᠤᠨ ᠬᠢᠷᠢ ᠬᠡᠮᠤᠨ ᠰᠢᠯᠭ᠋ᠠᠯᠲᠠᠳᠤ ᠢᠳᠡᠪᠬᠢᠲᠡᠶ ᠣᠷᠣᠯᠴᠠᠬᠤ ᠵᠢ ᠦᠷᠭᠦᠯᠵᠢᠯᠡᠨ ᠵᠣᠷᠢᠭᠵᠢᠭᠤᠯᠵᠤ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢᠨ ᠠᠵᠢᠯᠳᠤ ᠬᠦᠴᠦᠷᠬᠡᠭ ᠶᠡᠬᠡ ᠬᠠᠤᠯᠢ ᠴᠠᠭ᠋ᠠᠵᠠ ᠵᠢᠨ ᠴᠢᠳᠠᠪᠤᠷᠢᠲᠠᠨᠤ ᠲᠤᠯᠭ᠋ᠠᠭᠤᠷᠢᠯᠠᠯ ᠬᠠᠩᠭ᠋ᠠᠵᠤ᠂ ᠬᠠᠤᠯᠢ ᠬᠡᠷᠡᠭᠵᠢᠭᠦᠯᠬᠦ ᠡᠩᠨᠡᠭᠡᠨᠤ ᠲᠤᠰᠬᠠᠶ᠋ᠢᠵᠢᠭᠰᠠᠨ ᠬᠢᠷᠢ ᠲᠦᠪᠰᠢᠨᠢ ᠦᠨᠡᠨ ᠬᠦ᠌ ᠳᠡᠭᠡᠭᠰᠢᠯᠡᠭᠦᠯᠵᠦ᠂ ᠠᠤᠬᠠᠨᠤ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢᠨ ᠳᠠᠬᠢᠨ ᠰᠢᠨᠡ ᠳᠡᠭᠲᠡᠷᠲᠤ ᠭᠠᠷᠬᠤ ᠵᠢ ᠠᠬᠢᠭᠤᠯᠤᠨᠠ᠃