ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ 2025 ᠣᠨ᠎ᠤ ᠴᠠᠭ᠋ᠠᠨ ᠰᠠᠷ᠎ᠠ ᠵᠢᠨ ᠲᠣᠬᠣᠨᠢᠭᠤᠯᠬᠤ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-02-06

      ᠴᠠᠭᠳᠠᠭ᠎ᠠ ᠵᠢ ᠬᠠᠷᠠᠭ᠋ᠠᠯᠵᠠᠵᠤ ᠬᠠᠯᠠᠮᠵᠢᠯᠠᠬᠤ ᠠᠷᠭ᠎ᠠ ᠬᠡᠮᠵᠢᠶ᠎ᠡ ᠵᠢ ᠭᠦᠨᠵᠡᠭᠡᠶ ᠨᠠᠢ᠌ᠳᠠᠪᠤᠷᠢᠵᠢᠭᠤᠯᠬᠤ᠂ ᠪᠥᠬᠥ ᠴᠠᠭᠳᠠᠭ᠎ᠠ ᠵᠢᠨ ᠤᠯᠤᠰ ᠲᠥᠷᠥ ᠵᠢᠨ ᠢᠷᠠᠭᠤ ᠠᠯᠳᠠᠷᠲᠤ ᠰᠡᠳᠬᠢᠯᠭᠡ᠂ ᠵᠣᠬᠢᠶᠠᠨ ᠪᠠᠶ᠋ᠢᠭᠤᠯᠤᠯᠲᠠ ᠵᠢᠨ ᠬᠠᠷᠢᠶᠠᠯᠠᠭᠳᠠᠬᠤ ᠰᠡᠳᠬᠢᠯᠭᠡ᠂ ᠠᠮᠢᠳᠤᠷᠠᠯ᠎ᠤᠨ ᠵᠣᠯ ᠵᠢᠷᠭ᠋ᠠᠯᠲᠤ ᠰᠡᠳᠬᠢᠯᠭᠡ ᠵᠢ ᠨᠡᠮᠡᠭᠳᠡᠭᠦᠯᠬᠦ᠂ ᠴᠠᠭᠳᠠᠭ᠋ᠠᠨ᠎ᠤ ᠪᠦᠯᠬᠦᠮᠳᠡᠯ ᠪᠠ ᠡᠩᠨᠡᠭᠡ ᠵᠢ ᠵᠣᠷᠢᠭᠵᠢᠭᠤᠯᠬᠤ ᠵᠢᠨ ᠲᠥᠯᠥᠭᠡ᠂ 2025 ᠣᠨ᠎ᠤ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ᠎ᠳᠤ᠂ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠴᠠᠭ᠋ᠠᠨ ᠰᠠᠷ᠎ᠠ᠎ᠪᠠᠷ ᠡᠷᠬᠢᠨ ᠦᠵᠡᠵᠦ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ᠃ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠲᠤᠰ ᠲᠤᠰ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠭᠡᠷ ᠪᠦᠯᠢ᠂ ᠠᠯᠪᠠᠨ ᠠᠵᠢᠯ ᠵᠶ᠋ᠠᠷ ᠵᠡᠮᠳᠡᠭ ᠪᠣᠯᠤᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠠᠬᠠᠮᠠᠳ ᠺᠠᠳ᠋ᠷ᠂ ᠰᠢᠨᠵᠢᠶᠠᠩ᠎ᠢ ᠲᠤᠰᠠᠯᠠᠭᠰᠠᠨ ᠠᠷᠠᠳ᠎ᠤᠨ ᠴᠠᠭᠳᠠᠭ᠎ᠠ᠂ ᠬᠦᠨᠳᠦ ᠡᠪᠡᠳᠴᠢᠨ᠎ᠳᠤ ᠨᠡᠷᠪᠡᠭᠳᠡᠭᠰᠡᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠠᠮᠢᠳᠤᠷᠠᠯ᠎ᠨᠢ ᠬᠦᠴᠢᠷᠳᠡᠯᠲᠡᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠠᠵᠢᠯ᠎ᠠᠴᠠ᠎ᠪᠠᠨ ᠠᠮᠠᠷᠠᠭᠰᠠᠨ ᠠᠷᠠᠳ᠎ᠤᠨ ᠴᠠᠭᠳᠠᠭ᠎ᠠ ᠵᠢᠴᠢ ᠬᠡᠰᠡᠭ ᠦᠨᠳᠦᠰᠦᠨ ᠱᠠᠲᠤᠨ᠎ᠤ ᠰᠠᠯᠪᠤᠷᠢ ᠠᠩᠭᠢ᠎ᠳᠤ ᠬᠦᠷᠴᠦ ᠪᠣᠯᠭᠣᠭ᠋ᠠᠨ ᠲᠣᠬᠣᠨᠢᠭᠤᠯᠵᠤ᠂ ᠲᠡᠳᠡᠨ᠎ᠳᠤ ᠵᠣᠬᠢᠶᠠᠨ ᠪᠠᠶ᠋ᠢᠭᠤᠯᠤᠯᠲᠠ ᠵᠢᠨ ᠬᠠᠶ᠋ᠢᠷ᠎ᠠ ᠬᠠᠯᠠᠮᠵᠢ ᠵᠢ ᠬᠦᠷᠭᠡᠭᠰᠡᠨ ᠪᠥᠭᠡᠳ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠪᠡ᠃

640 (1).jpg


      ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ᠎ᠢ ᠡᠷᠬᠢᠨ ᠦᠵᠡᠵᠦ ᠲᠣᠬᠣᠨᠢᠭᠤᠯᠬᠤ᠎ᠳᠤ᠎ᠪᠠᠨ᠂ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠲᠣᠪᠴᠢᠶᠠᠨ᠎ᠤ ᠨᠠᠮ᠎ᠤᠨ ᠬᠣᠷᠢᠶ᠎ᠠ ᠵᠢᠨ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ᠎ᠢ ᠬᠠᠯᠠᠮᠵᠢᠯᠠᠨ ᠬᠠᠷᠭ᠋ᠠᠯᠵᠠᠵᠤ ᠪᠠᠶ᠋ᠢᠬᠤ ᠵᠢ ᠳᠠᠮᠵᠢᠭᠤᠯᠵᠤ᠂ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ ᠵᠢᠴᠢ ᠲᠡᠳᠡᠨ᠎ᠤ ᠦᠷ᠎ᠡ ᠬᠡᠦᠬᠡᠳ᠂ ᠡᠴᠢᠭᠡ ᠡᠬᠡ ᠵᠢᠨ ᠠᠮᠢᠳᠤᠷᠠᠯ᠎ᠤᠨ ᠪᠠᠶ᠋ᠢᠳᠠᠯ᠂ ᠪᠡᠶ᠎ᠡ ᠮᠠᠬᠠᠪᠣᠳ᠎ᠤᠨ ᠪᠠᠶ᠋ᠢᠳᠠᠯ ᠪᠣᠯᠤᠨ ᠪᠣᠳᠠᠲᠠᠶ ᠬᠦᠴᠢᠷᠳᠡᠯ᠎ᠢ᠎ᠨᠢ ᠨᠠᠷᠢᠨ ᠠᠰᠠᠭᠤᠵᠤ᠂ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ ᠬᠦᠴᠢᠷᠳᠡᠯ᠎ᠲᠠᠢ ᠪᠣᠯ ᠴᠠᠭ ᠲᠤᠬᠠᠶ᠎ᠳᠤ᠎ᠨᠢ ᠵᠣᠬᠢᠶᠠᠨ ᠪᠠᠶ᠋ᠢᠭᠤᠯᠤᠯᠲᠠ᠎ᠳᠤ ᠮᠡᠳᠡᠭᠦᠯᠬᠦ ᠬᠡᠷᠡᠭᠲᠡᠶ ᠰᠠᠨᠠᠭᠤᠯᠵᠤ᠂ ᠲᠣᠪᠴᠢᠶ᠎ᠠ ᠵᠢᠨ ᠨᠠᠮ᠎ᠤᠨ ᠬᠣᠷᠢᠶ᠎ᠠ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ ᠠᠷᠠᠳ᠎ᠤᠨ ᠴᠠᠭᠳᠠᠭ᠎ᠠ ᠵᠢᠨ ᠬᠡᠷ ᠪᠦᠯᠢ ᠵᠢᠨ᠎ᠬᠢᠨ᠎ᠤ ᠠᠵᠢᠯ ᠠᠮᠢᠳᠤᠷᠠᠯ᠎ᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠬᠠᠶ᠋ᠢᠷ᠎ᠠ ᠬᠠᠯᠠᠮᠵᠢ ᠵᠢ ᠢᠮᠠᠭᠲᠠ ᠮᠡᠳᠡᠷᠡᠭᠦᠯᠬᠦ ᠬᠡᠷᠡᠭᠲᠡᠶ᠃

640 (2).jpg


      ᠠᠯᠪᠠᠨ ᠶᠠᠪᠤᠳᠠᠯ ᠵᠶ᠋ᠠᠷ ᠵᠡᠮᠳᠡᠭ ᠪᠣᠯᠤᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠴᠢ ᠡᠪᠡᠳᠴᠢᠯᠡᠭᠰᠡᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠡᠷᠭᠢᠨ ᠦᠵᠡᠵᠦ ᠲᠣᠬᠣᠨᠢᠭᠤᠯᠬᠤ᠎ᠳᠤ᠎ᠪᠠᠨ᠂ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠮᠢᠳᠤᠷᠠᠯ᠎ᠤᠨ ᠪᠠᠶ᠋ᠢᠳᠠᠯ ᠪᠠ ᠪᠡᠶ᠎ᠡ ᠮᠠᠬᠠᠪᠣᠳ᠎ᠤᠨ ᠪᠠᠶ᠋ᠢᠳᠠᠯ ᠵᠢᠴᠢ ᠡᠮᠨᠡᠨ ᠵᠠᠰᠠᠭᠰᠠᠨ ᠪᠠᠶ᠋ᠢᠳᠠᠯ᠎ᠢ ᠳᠣᠲᠣᠨᠣ᠎ᠪᠠᠷ ᠯᠠᠪᠯᠠᠨ ᠠᠰᠠᠭᠤᠵᠤ᠂ ᠵᠣᠬᠢᠶᠠᠨ ᠪᠠᠶ᠋ᠢᠭᠤᠯᠤᠯᠲᠠ ᠵᠢᠨ ᠭᠦᠨ ᠵᠤᠵᠠᠭ᠋ᠠᠨ ᠬᠠᠯᠠᠮᠵᠢᠯᠠᠯ᠎ᠢ ᠳᠠᠮᠵᠢᠭᠤᠯᠵᠤ᠂ ᠲᠡᠳᠡᠨ᠎ᠤ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠬᠡᠵᠦ᠂ ᠬᠠᠷᠢᠶ᠎ᠠ ᠣᠷᠣᠨ᠎ᠤ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠦᠵᠡᠭᠦᠯᠦᠭᠰᠡᠨ ᠬᠤᠪᠢ ᠨᠡᠮᠡᠷᠢ ᠵᠢ ᠭᠦᠢ᠍ᠴᠡᠳ ᠨᠤᠲᠠᠯᠠᠵᠤ ᠮᠠᠭᠲᠠᠨ ᠰᠠᠶ᠋ᠢᠰᠢᠶᠠᠭᠰᠠᠨ ᠪᠥᠭᠡᠳ ᠲᠡᠳᠡᠨ᠎ᠤ ᠰᠡᠳᠬᠢᠯ ᠰᠠᠨᠠᠭ᠎ᠠ᠎ᠪᠠᠨ ᠰᠠᠶ᠋ᠢᠲᠤᠷ ᠲᠣᠬᠢᠷᠠᠭᠤᠯᠵᠤ᠂ ᠡᠮᠴᠢᠯᠡᠭᠡ᠎ᠳᠤ ᠢᠳᠡᠪᠬᠢᠲᠡᠶ ᠬᠠᠮᠵᠢᠯᠴᠠᠨ᠂ ᠡᠷᠲᠡᠬᠡᠨ ᠡᠷᠡᠭᠦᠯ ᠮᠡᠨᠳᠦ ᠪᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠵᠠᠬᠢᠪᠠ᠃

640.jpg


      ᠠᠬᠠᠮᠠᠳ ᠺᠠᠳ᠋ᠷ ᠪᠣᠯᠤᠨ ᠠᠮᠢᠳᠤᠷᠠᠯ᠎ᠨᠢ ᠬᠦᠴᠢᠷᠳᠡᠯᠲᠡᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠡᠷᠬᠢᠨ ᠦᠵᠡᠵᠦ ᠲᠣᠬᠣᠨᠢᠭᠤᠯᠬᠤ ᠦᠶ᠎ᠡ᠎ᠳᠤ᠂ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠳᠡᠳᠡᠨ᠎ᠲᠠᠢ ᠳᠣᠲᠣᠨᠣ᠎ᠪᠠᠷ ᠶᠠᠷᠢᠯᠴᠠᠵᠤ᠂ ᠳᠡᠳᠡᠨ᠎ᠤ ᠤᠷᠳᠤ ᠬᠤᠭᠤᠴᠠᠭ᠋ᠠᠨ᠎ᠤ ᠲᠤᠷᠰᠢ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠦᠵᠡᠭᠦᠯᠦᠭᠰᠡᠨ ᠬᠤᠪᠢ ᠨᠡᠮᠡᠷᠢ᠎ᠳᠤ ᠲᠠᠯᠠᠷᠬᠠᠵᠤ᠂ ᠳᠡᠳᠡᠨ᠎ᠳᠤ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠢᠨ᠎ᠡ ᠨᠢᠭᠡ ᠵᠢᠯ᠎ᠤᠨ ᠴᠢᠷᠮᠠᠶ᠋ᠢᠬᠤ ᠴᠢᠭᠯᠡᠯ ᠪᠣᠯᠤᠨ ᠠᠵᠢᠯ᠎ᠤᠨ ᠭᠣᠣᠯᠳᠠᠯᠭ᠎ᠠ ᠵᠢ ᠲᠠᠨᠢᠯᠴᠠᠭᠤᠯᠵᠤ᠂ ᠠᠬᠠᠮᠠᠳ ᠺᠠᠳ᠋ᠷᠴᠤᠳ᠎ᠤᠨ ᠪᠡᠶ᠎ᠡ᠎ᠪᠠᠨ ᠭᠠᠮᠨᠠᠵᠤ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠦᠷᠭᠦᠯᠵᠢᠯᠡᠨ ᠬᠠᠯᠠᠮᠵᠢᠯᠠᠨ ᠳᠡᠮᠵᠢᠬᠦ ᠵᠢ ᠬᠦᠰᠡᠪᠡ᠃ ᠡᠪᠡᠳᠴᠢᠨ ᠪᠠ ᠪᠤᠰᠤᠳ ᠰᠢᠯᠲᠠᠭ᠋ᠠᠨ᠎ᠠᠴᠠ ᠪᠤᠯᠵᠤ ᠠᠮᠢᠳᠤᠷᠠᠯ᠎ᠨᠢ ᠬᠦᠴᠢᠷᠳᠡᠯ᠎ᠲᠠᠢ ᠪᠣᠯᠤᠭᠰᠠᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠢᠲᠡᠭᠡᠯ ᠵᠣᠷᠢᠭ ᠵᠶ᠋ᠠᠨ ᠪᠠᠲᠤᠳᠬᠠᠨ᠂ ᠪᠠᠶᠠᠰᠤᠩᠭᠤᠢ ᠢᠳᠡᠪᠬᠢᠲᠡᠢ ᠣᠪᠣᠷ ᠪᠠᠶ᠋ᠢᠳᠠᠯ᠎ᠲᠠᠢ ᠪᠠᠶ᠋ᠢᠵᠤ᠂ ᠠᠮᠢᠳᠤᠷᠠᠯ᠎ᠤᠨ ᠳᠤᠮᠳᠠᠬᠢ ᠲᠦᠷ ᠴᠠᠭ᠎ᠤᠨ ᠬᠦᠴᠢᠷᠳᠡᠯ᠎ᠳᠤ ᠵᠣᠷᠢᠭᠲᠠᠢ᠎ᠪᠠᠷ ᠬᠠᠨᠳᠤᠵᠤ᠂ ᠵᠣᠬᠢᠶᠠᠨ ᠪᠠᠶ᠋ᠢᠭᠤᠯᠤᠯᠲᠠ ᠵᠢᠨ ᠬᠠᠯᠠᠮᠵᠢᠯᠠᠯ ᠪᠠ ᠬᠠᠪᠰᠤᠷᠤᠯᠭ᠎ᠠ ᠳᠣᠣᠷ᠎ᠠ᠂ ᠯᠠᠪᠲᠠᠢ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠨᠡᠩ ᠰᠠᠢ᠍ᠢ᠍ᠨ ᠪᠠᠶ᠋ᠢᠳᠠᠯ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠨ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠬᠦ ᠵᠢ ᠢᠲᠡᠭᠡᠵᠦ ᠪᠠᠶ᠋ᠢᠨ᠎ᠠ ᠭᠡᠵᠦ ᠵᠣᠷᠢᠭᠵᠢᠭᠤᠯᠪᠠ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ