ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠡᠭᠦᠳᠡᠯ᠎ᠤᠨ ᠰᠢᠪᠠᠭᠤᠳ᠎ᠢ ᠴᠢᠩ ᠰᠡᠳᠬᠢᠯ᠎ᠠᠴᠠ᠎ᠪᠠᠨ ᠰᠠᠬᠢᠨ ᠬᠠᠮᠠᠭ᠋ᠠᠯᠠᠪᠠ
ᠨᠡᠶ᠋ᠢᠲᠡᠯᠡᠭᠰᠡᠨ ᠴᠠᠭ᠄ 2025-03-25

     2 ᠰᠠᠷ᠎ᠠ ᠵᠢᠨ 26᠎ᠤ ᠡᠳᠦᠷ᠂ ᠦᠬᠠᠶ ᠬᠣᠲᠠ ᠵᠢᠨ ᠬᠠᠶ᠋ᠢᠨᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯ᠎ᠤᠨ ᠶᠠᠯᠠᠲᠤ ᠬᠡᠷᠡᠭ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠲᠤᠨ ᠭᠣᠤᠯ᠎ᠤᠨ ᠦᠬᠠᠶ ᠵᠢᠨ ᠬᠡᠰᠡᠭ ᠵᠶ᠋ᠠᠷ ᠲᠣᠭᠣᠷᠢᠨ ᠪᠠᠶ᠋ᠢᠴᠠᠭ᠋ᠠᠯᠲᠠ ᠬᠢᠵᠦ᠂ ᠨᠡᠭᠦᠳᠡᠯ᠎ᠤᠨ ᠰᠢᠪᠠᠭᠤᠳ᠎ᠤᠨ ᠨᠡᠭᠦᠳᠡᠯᠯᠡᠵᠦ ᠪᠠᠶ᠋ᠢᠭ᠎ᠠ ᠪᠠᠶ᠋ᠢᠳᠠᠯ᠎ᠢ ᠴᠢᠩᠭ᠎ᠠ ᠬᠢᠨᠠᠨ ᠡᠵᠡᠮᠳᠡᠵᠦ᠂ ᠬᠡᠭᠡᠷ᠎ᠡ ᠵᠢᠨ ᠠᠮᠢᠲᠠᠨ᠎ᠤ ᠣᠷᠣᠰᠢᠨ ᠠᠮᠢᠳᠤᠷᠠᠬᠤ ᠣᠷᠴᠢᠨ ᠨᠥᠬᠥᠴᠡᠯ᠎ᠢ ᠰᠠᠬᠢᠨ ᠬᠠᠮᠠᠭ᠋ᠠᠯᠠᠪᠠ᠃

灰鹤 .png

赤麻鸭.jpg


      ᠬᠠᠶ᠋ᠢᠨᠠᠨ ᠲᠣᠭᠣᠷᠢᠭ᠎ᠤᠨ ᠪᠠᠶᠠᠨᠳᠤᠬᠠᠢ ᠪᠠᠯᠭ᠋ᠠᠰᠤᠨ᠎ᠤ ᠶᠠᠩ ᠯᠦ᠍ ᠵᠢᠩ ᠲᠣᠰᠬᠣᠨ᠎ᠳᠤ᠂ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯ᠎ᠤᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠠᠷᠬᠢᠷ᠎ᠠ ᠵᠢᠨ ᠣᠭᠲᠠᠷᠭᠤᠢ᠎ᠳᠤ ᠬᠠᠯᠢᠨ ᠳᠡᠭᠦᠯᠢᠵᠦ᠂ ᠰᠦᠷᠦᠭᠯᠡᠨ ᠢᠳᠡᠰᠢ ᠡᠷᠢᠵᠦ ᠪᠠᠢ᠌ᠬᠤ ᠵᠢ ᠣᠯᠵᠤ ᠬᠠᠷᠠᠪᠠ᠃ ᠬᠠᠷᠬᠢᠷ᠎ᠠ ᠪᠣᠯ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ᠂ ᠲᠡᠳᠡ ᠨᠡᠭᠦᠳᠡᠯ᠎ᠤᠨ ᠵᠠᠮ᠎ᠳᠤ᠎ᠪᠠᠨ ᠶᠡᠷᠦ᠎ᠳᠤ᠎ᠪᠠᠨ ᠢᠳᠡᠰᠢ ᠡᠯᠪᠡᠭ᠂ ᠨᠠᠮ ᠰᠡᠯᠡᠭᠦᠨ ᠦᠩ ᠰᠢᠮᠡᠯᠢᠭ ᠲᠠᠯ᠎ᠠ ᠭᠠᠵᠠᠷ᠂ ᠡᠪᠡᠰᠦᠲᠦ ᠲᠠᠯ᠎ᠠ᠂ ᠬᠡᠭᠡᠷ᠎ᠡ ᠲᠠᠯ᠎ᠠ ᠵᠡᠷᠭᠡ ᠭᠠᠵᠠᠷ᠎ᠢ ᠰᠣᠩᠭᠣᠵᠤ ᠲᠦᠷ ᠠᠮᠠᠷᠠᠳᠠᠭ᠃ ᠲᠣᠰ ᠤᠳᠠᠭ᠋ᠠᠨ᠎ᠤ ᠬᠢᠨᠠᠨ ᠬᠡᠮᠵᠢᠯᠲᠡ᠎ᠳᠤ᠂ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯ᠎ᠤᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠶᠠᠨᠳᠤᠬᠠᠢ ᠪᠠᠯᠭ᠋ᠠᠰᠤᠨ᠎ᠤ ᠣᠢ᠌ᠷ᠎ᠠ ᠬᠤᠪᠢ᠎ᠳᠤ ᠮᠢᠩᠭ᠎ᠠ ᠰᠢᠬᠠᠮ ᠪᠣᠷᠣ ᠬᠠᠷᠬᠢᠷ᠎ᠠ ᠵᠢ ᠣᠯᠵᠤ ᠬᠠᠷᠠᠪᠠ᠃ ᠦᠨᠡᠨ᠎ᠳᠤ᠎ᠪᠠᠨ᠂ ᠪᠣᠷᠣ ᠲᠣᠭᠣᠷᠦᠦ ᠡᠨᠳᠡ ᠢᠷᠡᠵᠦ ᠲᠦᠷ ᠠᠮᠠᠷᠠᠬᠤ᠎ᠨᠢ ᠠᠶᠠᠨᠳᠠᠭ᠋ᠠᠨ᠎ᠤ ᠶᠠᠪᠤᠳᠠᠯ ᠪᠣᠯᠣᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ 《ᠠᠮᠢ ᠠᠬᠤᠢ ᠵᠢᠨ ᠴᠠᠭᠳᠠᠭ᠋ᠠᠨ᠎ᠤ ᠶᠠᠪᠤᠳᠠᠯ》᠎ᠢ ᠭᠦᠨᠵᠡᠭᠡᠢ ᠬᠡᠷᠡᠭᠵᠢᠭᠦᠯᠵᠦ᠂ ᠴᠣᠬᠢᠯᠲᠠ ᠥᠭᠬᠦ᠂ ᠰᠡᠷᠭᠡᠶ᠋ᠢᠯᠡᠬᠦ᠂ ᠵᠠᠰᠠᠬᠤ᠂ ᠬᠠᠮᠠᠭ᠋ᠠᠯᠠᠬᠤ᠂ ᠤᠬᠠᠭᠤᠯᠬᠤ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠬᠠᠳᠤᠨ ᠭᠣᠣᠯ ᠳᠠᠭ᠋ᠠᠤ ᠵᠢᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠵᠡᠢ᠃

进行保护候鸟宣传教育 梁泽华.JPG


     ᠣᠷᠴᠢᠮᠬᠠᠨ᠂ ᠬᠠᠪᠤᠷ᠎ᠤᠨ ᠠᠭᠤᠷ ᠣᠷᠣᠭᠰᠠᠨ ᠦᠬᠠᠶ ᠨᠠᠭᠤᠷ᠎ᠲᠤ ᠨᠡᠭᠦᠳᠡᠯ᠎ᠤᠨ ᠰᠢᠪᠠᠭᠤᠳ᠎ᠤᠨ ᠨᠡᠭᠦᠳᠡᠯ᠎ᠤᠨ ᠣᠷᠭᠢᠯ᠎ᠤᠨ ᠦᠶ᠎ᠡ ᠵᠢ ᠤᠭᠲᠤᠨ ᠠᠪᠴᠢᠷᠠᠵᠤ᠂ ᠡᠯ᠎ᠡ ᠦᠵᠡᠮᠵᠢ ᠵᠢᠨ ᠣᠷᠣᠨ᠎ᠤ ᠵᠤᠭ᠋ᠠᠴᠠᠭᠰᠠᠳ ᠴᠤ᠌ ᠥᠩᠭᠡᠷᠡᠭᠰᠡᠨ᠎ᠤ᠎ᠬᠢ᠎ᠠᠴᠠ᠎ᠪᠠᠨ ᠣᠯᠠᠨ ᠪᠣᠯᠵᠠᠶ᠃ ᠤᠢ᠍ᠢ᠍ᠷ᠎ᠠ ᠵᠢᠨ ᠡᠳᠦᠷ᠎ᠤᠳ᠎ᠲᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯ᠎ᠤᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠬᠤᠪᠢᠶᠠᠷᠢ ᠠᠩᠭᠢ ᠪᠣᠯᠤᠨ ᠪᠢᠨ ᠡᡁᠸ ᠵᠢᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠦᠬᠠᠢ ᠨᠠᠭᠤᠷ᠎ᠤᠨ ᠨᠢᠭᠡᠳᠦᠭᠡᠷ ᠭᠠᠷᠠᠮ ᠪᠣᠯᠤᠨ ᠨᠠᠭᠤᠷ ᠳᠠᠭ᠋ᠠᠤ ᠵᠠᠮ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠤ ᠲᠣᠭᠣᠷᠢᠨ ᠴᠠᠭᠳᠠᠵᠤ᠂ ᠬᠤᠳᠠ ᠵᠢᠨ ᠠᠷᠠᠳ ᠵᠤᠭ᠋ᠠᠴᠠᠭᠰᠠᠳ᠎ᠲᠠᠢ ᠲᠠᠭ᠋ᠠᠷᠠᠯᠳᠤᠪᠠᠯ ᠬᠡᠭᠡᠷ᠎ᠡ ᠵᠢᠨ ᠠᠮᠢᠳᠠᠨ᠎ᠢ ᠬᠠᠮᠠᠭ᠋ᠠᠯᠠᠬᠤ ᠮᠡᠳᠡᠯᠭᠡ ᠵᠢ ᠴᠠᠭ ᠲᠤᠬᠠᠢ᠎ᠳᠤ᠎ᠨᠢ ᠤᠬᠠᠭᠤᠯᠵᠤ᠂ ᠨᠡᠩ ᠤᠯᠠᠨ ᠬᠥᠮᠦᠨ᠎ᠢ ᠲᠠᠢ᠍ᠢ᠍ᠴᠢᠯᠠᠨ ᠬᠡᠭᠡᠷ᠎ᠡ ᠵᠢᠨ ᠠᠮᠢᠳᠠᠨ᠎ᠢ ᠬᠠᠮᠠᠭ᠋ᠠᠯᠠᠬᠤ ᠠᠵᠢᠯ᠎ᠳᠤ ᠣᠷᠤᠯᠴᠠᠭᠤᠯᠪᠠ᠃

ᠢᠷᠡᠯᠲᠡ᠄ ᠦᠬᠠᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ