3 ᠳ᠋ᠤᠭ᠋ᠠᠷ ᠰᠠᠷ᠎ᠠ ᠵᠢᠨ 3᠎ᠤ ᠡᠳᠦᠷ ᠪᠣᠯ ᠠᠷᠪᠠᠨ ᠬᠤᠶᠠᠳᠤᠭ᠋ᠠᠷ ᠳᠡᠯᠡᠬᠡᠶ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠤᠭᠤᠲᠤ ᠬᠤᠲᠠ ᠵᠢᠨ ᠴᠢᠩᠱ᠌ᠠᠨ ᠲᠣᠭᠤᠷᠢᠭ᠎ᠤᠨ ᠬᠥᠳᠡᠯᠮᠦᠷᠢ ᠵᠢᠨ ᠴᠡᠴᠡᠷᠯᠢᠭ᠎ᠤᠨ ᠠᠭᠤᠳᠠᠮ ᠲᠠᠯᠠᠪᠠᠶ᠎ᠳᠤ 《ᠠᠮᠢᠳᠤ ᠪᠣᠳᠠᠰ᠎ᠤᠨ ᠬᠠᠮᠠᠭ᠋ᠠᠯᠠᠯᠲᠠ ᠵᠢᠨ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ ᠳᠡᠯᠡᠬᠡᠶ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠴᠤᠭᠴᠠᠯᠠᠬᠤ》 ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠠᠷᠠᠳ᠎ᠤᠨ ᠴᠠᠭᠳᠠᠭ᠎ᠠ ᠨᠠᠷ ᠤᠬᠠᠭᠤᠯᠭ᠎ᠠ ᠵᠢᠨ ᠮᠠᠲ᠋ᠧᠷᠢᠶᠠᠯ᠎ᠢ ᠢᠳᠡᠪᠬᠢᠲᠡᠶ ᠲᠠᠷᠬᠠᠭ᠋ᠠᠬᠤ ᠵᠢᠨ ᠬᠠᠮᠲᠤ ᠬᠤᠲᠠ ᠵᠢᠨ ᠠᠷᠠᠳ᠎ᠲᠤ ᠦᠷᠭᠦᠯᠵᠢ ᠲᠣᠬᠢᠶᠠᠯᠳᠤᠳᠠᠭ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠶᠡᠷᠦ ᠵᠢᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠤᠬᠠᠭᠤᠯᠭ᠎ᠠ ᠵᠢᠨ ᠰᠠᠮᠪᠠᠷ᠎ᠠ᠎ᠪᠠᠷ ᠨᠠᠷᠢᠨ ᠬᠢᠨᠠᠮᠠᠭ᠋ᠠᠶ ᠲᠠᠶ᠋ᠢᠯᠤᠮᠵᠢ ᠬᠢᠵᠦ᠂ 2024 ᠣᠨ᠎ᠳᠤ ᠮᠠᠨ᠎ᠤ ᠬᠤᠲᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠡᠪᠳᠡᠭᠰᠡᠨ ᠬᠡᠷᠡᠭ ᠵᠶ᠋ᠡᠷ ᠰᠡᠷᠡᠮᠵᠢᠯᠡᠭᠦᠯᠬᠦ ᠬᠥᠮᠦᠵᠢᠯ ᠬᠢᠪᠠ᠃

ᠲᠣᠰ ᠤᠳᠠᠭ᠋ᠠᠨ᠎ᠤ ᠠᠵᠢᠯᠯᠠᠭ᠎ᠠ᠎ᠨᠢ ᠪᠥᠬᠦ ᠨᠡᠶ᠋ᠢᠭᠡᠮ ᠵᠶ᠋ᠠᠷ ᠵᠶ᠋ᠠᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠠᠵᠢᠯ᠎ᠢ ᠠᠩᠬᠠᠷᠬᠤ ᠵᠢ ᠵᠠᠶ᠋ᠢᠯᠠᠰᠢ ᠥᠬᠡᠶ ᠠᠬᠢᠭᠤᠯᠵᠤ᠂ ᠪᠤᠭᠤᠲᠤ ᠬᠣᠲᠠ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠤ ᠠᠪᠤᠷᠠᠨ ᠲᠤᠰᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠂ ᠨᠠᠩ ᠣᠯᠠᠨ 《ᠪᠠᠶ᠋ᠢᠭ᠋ᠠᠯᠢ ᠵᠢᠨ ᠭᠠᠶ᠋ᠢᠬᠠᠮᠰᠢᠭ》᠎ᠢ ᠰᠡᠷᠭᠦᠭᠡᠨ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠬᠤ᠎ᠳᠤ ᠰᠢᠨ᠎ᠡ ᠬᠠᠭᠤᠳᠠᠰᠤ ᠵᠢ ᠪᠢᠴᠢᠭᠯᠡᠪᠡ᠃