ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠡᠷᠢᠭᠦᠨ᠎ᠤ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠬᠤᠷᠠᠯ᠎ᠢ ᠦᠪᠡᠳᠡᠭᠰᠢ ᠶᠡᠭᠡ᠎ᠪᠠᠷ ᠡᠷᠭᠢᠯᠡᠪᠡ
ᠨᠡᠶ᠋ᠢᠲᠡᠯᠡᠭᠰᠡᠨ ᠴᠠᠭ᠄ 2025-04-14

    2 ᠳ᠋ᠤᠭ᠋ᠠᠷ ᠰᠠᠷ᠎ᠠ ᠵᠢᠨ 8᠎ᠤ ᠦᠳᠡ ᠵᠢᠨ ᠡᠮᠦᠨ᠎ᠡ᠂ ᠪᠤᠭᠤᠲᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠶᠡᠷᠦᠩᠬᠡᠶ᠋ᠢᠯᠡᠭᠰᠡᠨ ᠣᠷᠳᠣᠨ᠎ᠳᠤ᠂ ᠪᠤᠭᠤᠲᠤ ᠵᠢᠨ ᠳᠣᠲᠣᠭ᠋ᠠᠳᠤ ᠵᠢ ᠬᠠᠮᠠᠭ᠋ᠠᠯᠠᠬᠤ ᠲᠡᠷᠢᠭᠦᠨ᠎ᠤ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠬᠤᠷᠠᠯ 《ᠪᠣᠯᠣᠳ ᠬᠤᠲᠠ ᠵᠢᠨ ᠡᠷᠡᠯᠬᠡᠭ ᠴᠠᠭᠳᠠᠭ᠎ᠠ ᠤᠷᠤᠭᠰᠢᠯᠠᠶ᠎ᠠ》 ᠭᠡᠬᠦ ᠸᠢᠳᠢᠣ᠋ ᠤᠬᠠᠭᠤᠯᠭ᠎ᠠ ᠵᠢᠨ ᠹᠢᠯᠢᠮ ᠳᠤᠮᠳᠠ ᠬᠥᠰᠢᠭᠡ᠎ᠪᠠᠨ ᠰᠡᠬᠦᠵᠦ᠂ 8 ᠠᠷᠠᠳ᠎ᠤᠨ ᠴᠠᠭᠳᠠᠭ᠎ᠠ᠎ᠪᠠᠷ ᠪᠦᠷᠢᠯᠳᠦᠭᠰᠡᠨ ᠲᠡᠷᠢᠭᠦᠨ᠎ᠤ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ᠎ᠬᠢᠨ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠦᠭᠰᠡᠨ ᠪᠣᠯᠣᠳ ᠬᠤᠲᠠ ᠵᠢᠨ ᠡᠷᠡᠯᠬᠡᠭ ᠴᠠᠭᠳᠠᠭ᠎ᠠ ᠵᠢᠨ ᠥᠯᠢᠭᠡᠷ᠎ᠢ ᠭᠦᠨ ᠰᠡᠳᠬᠢᠯᠭᠡ᠎ᠲᠠᠢ᠎ᠪᠠᠷ ᠶᠠᠷᠢᠪᠠ᠃
微信图片_20250225084448.jpg  

 

微信图片_20250225084517.jpg


    ᠡᠨᠡ ᠤᠳᠠᠭ᠋ᠠᠨ᠎ᠤ ᠤᠬᠠᠭᠤᠯᠤᠨ ᠲᠠᠶ᠋ᠢᠯᠪᠤᠷᠢᠯᠠᠬᠤ ᠬᠤᠷᠠᠯ ᠪᠣᠯ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠮᠠᠭᠳᠠᠨ ᠤᠬᠠᠭᠤᠯᠬᠤ ᠪᠠ ᠤᠯᠠᠮᠵᠢᠯᠠᠨ ᠵᠠᠯᠭ᠋ᠠᠮᠵᠢᠯᠠᠬᠤ ᠶᠠᠪᠤᠳᠠᠯ ᠪᠣᠯᠤᠨ᠎ᠠ᠂ ᠪᠦᠬᠦ ᠬᠤᠳᠠ ᠵᠢᠨ ᠥᠷᠭᠡᠨ ᠤᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ᠎ᠪᠠᠷ ᠳᠠᠭᠤᠷᠢᠶᠠᠯ ᠪᠣᠯᠭ᠋ᠠᠵᠤ᠂ ᠲᠡᠳᠡᠨ᠎ᠤ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠬᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢ ᠰᠤᠷᠤᠯᠴᠠᠵᠤ᠂ ᠲᠡᠳᠡᠨ᠎ᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ᠎ᠪᠠᠷ ᠠᠵᠢᠯ ᠬᠢᠬᠦ ᠵᠠᠩ ᠰᠤᠷᠲᠠᠯ᠎ᠢ ᠰᠤᠷᠤᠯᠴᠠᠵᠤ᠂ ᠤᠶᠤᠨ ᠰᠠᠨᠠᠭ᠋ᠠᠨ᠎ᠤ ᠬᠦᠴᠦᠨ᠎ᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠤᠯᠤᠰ᠎ᠤᠨ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠣᠭᠲᠠᠭᠤᠨ᠂ ᠠᠷᠠᠳ ᠲᠦᠮᠡᠨ᠎ᠤ ᠠᠮᠤᠷ ᠲᠣᠭᠲᠠᠭᠤᠨ᠎ᠢ ᠬᠠᠮᠠᠭ᠋ᠠᠯᠠᠬᠤ᠎ᠳᠤ ᠪᠤᠭᠤᠲᠤ ᠵᠢᠨ ᠳᠣᠲᠣᠭ᠋ᠠᠳᠤ ᠵᠢ ᠬᠠᠮᠠᠭ᠋ᠠᠯᠠᠬᠤ ᠪᠦᠬᠦ ᠬᠦᠴᠦᠨ ᠴᠢᠳᠠᠯ ᠵᠶ᠋ᠠᠨ ᠡᠷᠭᠦᠵᠦ ᠬᠣᠪᠢ ᠨᠡᠮᠡᠷᠢ ᠦᠵᠡᠭᠦᠯᠬᠦ ᠪᠣᠯᠤᠨ᠎ᠠ᠃

 

ᠢᠷᠡᠯᠲᠡ᠄ ᠪᠤᠭᠤᠲᠤ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ